ᠵᠤᠬᠢᠶᠠᠭᠴᠢ: ᠴᠠᠭ:2025-01-24 ᠥᠵᠡᠭᠰᠡᠨ : ᠢᠷᠡᠯᠲᠡ:  ᠥᠪᠥᠷ ᠮᠣᠩᠭᠤᠯ ᠤᠨ          
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠢ ᠰᠤᠷᠪᠤᠯᠵᠢᠯᠠᠭᠰᠠᠨ ᠨᠢ

 

ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃

2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠥᠪᠥᠷ ᠮᠣᠩᠭᠤᠯ ᠬᠡᠷᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠠᠭᠤᠰᠤᠯᠴᠠᠬᠤ ᠪᠤᠶ︖ ᠡᠭᠦᠨ ᠤ ᠲᠤᠬᠠᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠢ ᠲᠤᠰᠬᠠᠶᠢᠯᠠᠨ ᠰᠤᠷᠪᠤᠯᠵᠢᠯᠠᠪᠠ᠃

ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠣᠨ᠎ᠠ

ᠠᠰᠠᠭᠤᠯᠲᠠ᠄ ᠡᠨᠡ ᠵᠢᠯ ᠥᠪᠥᠷ ᠮᠣᠩᠭᠤᠯ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢᠨ ᠲᠣᠭᠤᠷᠢᠨ ᠳᠤ ᠶᠠᠮᠠᠷ ᠶᠠᠮᠠᠷ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ ᠪᠤᠶ︖

ᠬᠠᠷᠢᠭᠤᠯᠲᠠ᠄ ᠥᠪᠥᠷ ᠮᠣᠩᠭᠤᠯ ᠤᠨ ᠬᠥᠭᠵᠢᠯᠲᠡ ᠳᠤ ᠰᠠᠶᠢᠨ ᠪᠠᠶᠢᠳᠠᠯ ᠢᠯᠡᠷᠡᠵᠦ᠂ ᠠᠵᠤ ᠠᠬᠤᠢ ᠨᠡᠶᠢᠭᠡᠮ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠳᠤ ᠲᠦᠷᠭᠡᠨ ᠣᠷᠣᠭᠰᠠᠨ ᠤ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠪᠣᠯᠣᠨ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠡᠭᠦᠨ ᠤ ᠬᠠᠮᠲᠤ ᠲᠥᠪ ᠤᠨ ᠡᠯ᠎ᠡ ᠵᠦᠢᠯ ᠤᠨ ᠨᠥᠭᠡᠴᠡ ᠲᠦᠷᠦ ᠶᠢᠨ ᠪᠣᠳᠣᠯᠭ᠎ᠠ ᠪᠣᠯᠣᠨ ᠨᠡᠮᠡᠭᠳᠡᠯ ᠲᠦᠷᠦ ᠶᠢᠨ ᠪᠣᠳᠣᠯᠭ᠎ᠠ ᠶᠢᠨ ᠬᠦᠴᠦᠲᠡᠢ ᠲᠤᠯᠭᠠᠭᠤᠷᠢᠯᠠᠯ ᠳᠤ ᠪᠤᠢ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠲᠡᠮᠡᠴᠡᠬᠦ ᠴᠤᠭ ᠵᠣᠷᠢᠭ ᠢᠶᠠᠷ ᠠᠵᠢᠯ ᠬᠢᠵᠦ ᠦᠢᠯᠡᠰ ᠪᠣᠰᠬᠠᠭᠰᠠᠨ ᠳᠤ ᠪᠠᠶᠢᠨ᠎ᠠ᠃

ᠡᠨᠡ ᠵᠢᠯ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠭᠠᠵᠤ ᠥᠭᠭᠦᠭᠰᠡᠨ ᠴᠢᠭᠯᠡᠯ ᠢᠶᠠᠷ ᠯᠠᠪᠳᠠᠭᠤᠨ ᠪᠠᠲᠤᠲᠠᠢ ᠤᠷᠤᠭᠰᠢᠯᠠᠵᠤ᠂《ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ》ᠲᠠᠯ᠎ᠠ ᠪᠠᠷ ᠨᠠᠩ ᠶᠡᠭᠡ ᠠᠬᠢᠴᠠ ᠲᠠᠢ ᠪᠤᠯᠬᠤ ᠪᠠᠷ ᠴᠢᠷᠮᠠᠶᠢᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ᠂《ᠲᠠᠪᠤᠨ ᠶᠡᠭᠡ ᠡᠭᠦᠷᠭᠡ》 ᠶᠢ ᠦᠷᠭᠦᠯᠵᠢᠯᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ᠂ ᠳᠤᠯᠠᠭᠠᠯᠠᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ《ᠵᠢᠷᠭᠤᠭᠠᠨ ᠢᠨᠵᠧᠨᠧᠷᠢᠩ》 ᠢ ᠦᠷᠭᠦᠯᠵᠢᠯᠡᠨ ᠬᠡᠷᠡᠭᠵᠢᠭᠦᠯᠵᠦ᠂《ᠵᠢᠷᠭᠤᠭᠠᠨ ᠠᠵᠢᠯᠯᠠᠭ᠎ᠠ》 ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠬᠢᠵᠢᠭᠦᠯᠬᠦ ᠴᠢᠬᠤᠯᠠᠲᠠᠢ ᠶᠢ ᠨᠢ ᠰᠠᠶᠢᠲᠤᠷ ᠪᠠᠬᠢᠵᠢᠭᠦᠯᠦᠨ᠂ ᠨᠥᠬᠦᠪᠦᠷᠢᠯᠡᠬᠦ ᠴᠢᠬᠤᠯᠠᠲᠠᠢ ᠳᠤᠲᠠᠭᠤᠳᠠᠯ ᠢ ᠨᠥᠬᠦᠪᠦᠷᠢᠯᠡᠨ᠎ᠡ᠃

ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠤᠬᠠᠭᠠᠯᠠᠨ ᠲᠥᠯᠥᠪᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠦᠷᠭᠦᠯᠵᠢᠯᠡᠨ ᠴᠢᠩᠭ᠎ᠠ ᠠᠳᠬᠤᠵᠤ᠂ ᠭᠠᠵᠠᠷ ᠰᠢᠷᠣᠢ᠂ ᠪᠡᠯᠡ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠲᠦᠷᠭᠡᠨ ᠪᠦᠲᠦᠭᠡᠨ ᠪᠠᠶᠢᠭᠤᠯᠵᠤ ᠲᠦᠷᠭᠡᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠳᠤ ᠲᠤᠯᠭᠠᠭᠤᠷᠢᠯᠠᠯ ᠬᠠᠩᠭᠠᠨ᠎ᠠ᠃

ᠬᠤᠶᠠᠷ ᠲᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠷᠭ᠎ᠠ ᠪᠦᠭᠦᠨ ᠢ ᠰᠦᠪᠡᠭᠴᠢᠯᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠱᠠᠲᠤᠨ ᠤ ᠬᠢᠨ ᠤ ᠪᠠᠩᠬᠢ ᠶᠢᠨ ᠵᠢᠭᠡᠯᠡᠯᠭᠡ ᠲᠠᠯᠪᠢᠬᠤ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠤᠮᠳᠠ ᠠᠷᠠᠳ ᠡᠴᠡ ᠡᠵᠡᠩᠨᠡᠭᠰᠡᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ ᠥᠭᠬᠦ ᠦᠢᠯᠡᠴᠢᠯᠡᠭᠡ ᠬᠠᠩᠭᠠᠨ᠎ᠠ᠃

ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠠᠷᠭ᠎ᠠ ᠰᠦᠪᠡᠭᠴᠢᠯᠡᠨ ᠠᠵᠤ ᠠᠬᠤᠶᠢᠯᠠᠯ ᠢ ᠢᠯᠡᠭᠦᠬᠡᠨ ᠡᠷᠭᠢᠯᠡᠵᠤ᠂ ᠠᠵᠢᠯ ᠣᠯᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠠᠵᠢᠯ ᠣᠯᠭᠤᠯᠲᠠ ᠳᠤ ᠦᠢᠯᠡᠴᠢᠯᠡᠬᠦ ᠶᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠢᠯᠠᠨ ᠪᠣᠯᠪᠠᠰᠤᠷᠠ‍ᠭᠤᠯᠤᠯ ᠥᠷᠨᠢᠭᠦᠯᠵᠦ᠂ ᠠᠵᠤ ᠠᠬᠤᠶᠢᠯᠠᠯ ᠤᠨ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯᠴᠢᠨ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠤᠯᠠᠨ ᠲᠦᠮᠡᠨ ᠢ ᠬᠠᠪᠰᠤᠷᠤᠨ ᠠᠵᠢᠯ ᠣᠯᠭᠤᠨ᠎ᠠ᠃

ᠳᠥᠷᠪᠡ ᠳᠤ᠂ ᠤᠰᠤ ᠠᠷᠪᠢᠯᠠᠬᠤ ᠠᠵᠢᠯᠯᠠᠭ᠎ᠠ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ᠂ ᠬᠡᠪ ᠤᠨ ᠪᠤᠰᠤ ᠤᠰᠤ ᠶᠢ ᠠᠰᠢᠭᠯᠠᠬᠤ ᠪᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠤᠰᠤ ᠠᠷᠪᠢᠯᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠭᠦ ᠵᠡᠷᠭᠡ ᠠᠷᠭ᠎ᠠ ᠪᠠᠷ ᠳᠠᠮᠵᠢ‍ᠭᠤᠯᠤᠨ ᠂ ᠠᠷᠪᠢᠯᠠᠵᠤ ᠪᠤᠯᠬᠤ ᠤᠰᠤ ᠶᠢ ᠪᠦᠭᠦᠨ ᠢ ᠠᠷᠪᠢᠯᠠᠨ᠎ᠠ᠃

ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠥᠷᠨᠢᠭᠦᠯᠦᠨ᠂ ᠣᠷᠣᠰ ᠮᠣᠩᠭᠤᠯ ᠲᠡᠶᠢᠰᠢ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃

ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠦᠨ᠂ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠨ ᠦᠵᠡᠭᠦᠯᠭᠦ ᠶᠢ ᠴᠢᠩᠭᠠᠳᠬᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠮᠠᠷᠠᠲᠤ ᠬᠢᠯᠢ ᠶᠢᠨ ᠰᠣᠶᠣᠯ ᠢ ᠨᠠᠩ ᠨᠡᠷ᠎ᠡ ᠠᠯᠳᠠᠷᠰᠢᠭᠤᠯᠬᠤ ᠪᠠ ᠲᠠᠲᠠᠬᠤ ᠬᠦᠴᠦᠨ ᠲᠠᠢ ᠪᠣᠯᠭᠠᠨ᠎ᠠ᠃

ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ

ᠠᠰᠠᠭᠤᠯᠲᠠ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠂ ᠡᠭᠦᠨ ᠤ ᠲᠤᠬᠠᠢ ᠥᠪᠥᠷ ᠮᠣᠩᠭᠤᠯ ᠬᠡᠷᠬᠢᠨ ᠤᠬᠠᠭᠠᠯᠠᠨ ᠲᠥᠯᠥᠪᠯᠡᠬᠦ ᠪᠤᠶ︖

ᠬᠠᠷᠢᠭᠤᠯᠲᠠ᠄ ᠪᠢᠳᠡ ᠪᠣᠬᠢᠷᠳᠤᠯ ᠦᠭᠡᠢ ᠬᠥᠭᠵᠢᠯᠲᠡ ᠶᠢᠨ ᠣᠨᠣᠯᠵᠢᠬᠤᠨ ᠢ ᠬᠥᠭᠵᠢᠯᠲᠡ ᠶᠢᠨ ᠪᠦᠭᠦ ᠶᠠᠪᠤᠴᠠ ᠳᠤ ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂《ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠤᠣᠰ ᠠᠰᠢᠭ ᠭᠦᠷᠳᠡᠭᠦ 》 ᠶᠢ ᠴᠢᠷᠮᠠᠶᠢᠨ ᠪᠡᠶᠡᠯᠡᠭᠦᠯᠦᠨ᠎ᠡ᠃

ᠨᠢᠭᠡ ᠲᠠᠯ᠎ᠠ ᠪᠠᠷ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠨᠡ ᠵᠢᠯ ᠨᠢᠭᠡᠨᠲᠡ ᠵᠠᠰᠠᠭᠰᠠᠨ ᠣᠷᠣᠨ ᠪᠦᠰᠡ ᠶᠢᠨ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠬᠦ᠂ ᠰᠡᠷᠭᠦᠭᠡᠵᠦ ᠬᠠᠮᠢᠶᠠᠷᠤᠨ ᠬᠠᠮᠠᠭᠠᠯᠠᠬᠤ ᠶᠢ ᠰᠠᠶᠢᠲᠤᠷ ᠠᠳᠬᠤᠬᠤ ᠶᠢᠨ ᠵᠡᠷᠭᠡ ᠪᠠᠷ᠂ ᠳᠠᠭᠢᠨ 2000 ᠲᠦᠮᠡᠨ ᠮᠦ ᠠᠴᠠ ᠳᠡᠭᠡᠭᠰᠢ ᠡᠯᠡᠰᠦ ᠶᠢ ᠵᠠᠰᠠᠬᠤ ᠪᠠᠷ ᠲᠥᠯᠥᠪᠯᠡᠵᠦ᠂ ᠬᠠᠲᠤᠨ ᠭᠤᠣᠯ ᠤᠨ《ᠶᠡᠭᠡ ᠲᠣᠬᠤᠢ》 ᠶᠢᠨ ᠡᠷᠭᠢ ᠳᠠᠭᠠᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠨ ᠤ ᠵᠠᠬ᠎ᠠ ᠶᠢ ᠪᠠᠬᠢᠯᠡᠬᠦ ᠨᠣᠭᠤᠭᠠᠷᠠᠭᠤᠯᠤᠯᠲᠠ ᠶᠢᠨ ᠪᠦᠰᠡ ᠶᠢ ᠪᠦᠭᠦ ᠱᠤᠭᠤᠮ ᠢᠶᠠᠷ ᠨᠡᠪᠲᠡᠷᠡᠭᠦᠯᠬᠦ ᠶᠢ ᠠᠬᠢᠭᠤᠯᠵᠤ᠂ ᠪᠠᠳᠠᠢ ᠶᠢᠨ ᠵᠢᠷᠠᠨ᠂ ᠲᠡᠭᠷᠢ ᠡᠯᠡᠰᠦ ᠶᠢ ᠲᠣᠭᠲᠠᠪᠤᠷᠢᠵᠢᠭᠤᠯᠤᠨ ᠪᠠᠬᠢᠯᠡᠬᠦ ᠨᠣᠭᠤᠭᠠᠷᠠᠭᠤᠯᠤᠯᠲᠠ ᠶᠢᠨ ᠪᠦᠰᠡ ᠶᠢ ᠬᠤᠯᠪᠣᠨ ᠵᠠᠯᠭᠠᠯᠳᠤᠭᠤᠯᠬᠤ ᠶᠢ ᠪᠡᠶᠡᠯᠡᠭᠦᠯᠦᠨ᠎ᠡ᠃ ᠡᠭᠦᠨ ᠤ ᠵᠡᠷᠭᠡ ᠪᠠᠷ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠬᠦ ᠶᠢ ᠠᠬᠢᠭᠤᠯᠤᠨ᠎ᠠ᠃ ᠨᠢᠭᠡ ᠲᠠᠯ᠎ᠠ ᠪᠠᠷ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠠᠬᠢᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠨ᠎ᠡ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠠᠯᠬᠤᠮ ᠢᠶᠠᠨ ᠲᠦᠷᠭᠡᠳᠬᠡᠵᠦ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠬᠥᠭᠵᠢᠯᠲᠡ ᠶᠢ ᠪᠦᠭᠦ ᠬᠡᠯᠬᠢᠶ᠎ᠡ ᠪᠠᠷ ᠠᠬᠢᠭᠤᠯᠵᠤ᠂ ᠨᠡᠭᠦᠷᠡᠰᠦ ᠬᠤᠳᠠᠯᠳᠤᠬᠤ ᠶᠢ ᠴᠠᠭᠢᠯᠭᠠᠨ ᠳᠠᠮᠵᠢᠭᠤᠯᠬᠤ ᠪᠣᠯᠭᠠᠨ ᠬᠤᠪᠢᠷᠠᠭᠤᠯᠵᠤ᠂ ᠲᠦᠯᠡᠰᠢ ᠶᠢ ᠲᠦᠭᠦᠬᠡᠢ ᠡᠳ᠋ ᠪᠣᠯᠭᠠᠨ ᠬᠤᠪᠢᠷᠠᠭᠤᠯᠵᠤ᠂ ᠪᠣᠬᠢᠷᠳᠤᠯ ᠦᠭᠡᠢ ᠴᠠᠭᠢᠯᠭᠠᠨ ᠭᠠᠷᠭᠠᠬᠤ ᠶᠢ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠪᠣᠬᠢᠷᠳᠤᠯ ᠦᠭᠡᠢ ᠠᠯᠺᠤᠣᠯ ᠪᠣᠯᠭᠠᠨ ᠬᠡᠯᠬᠢᠶ᠎ᠡ ᠶᠢ ᠤᠷᠲᠤᠳᠬᠠᠨ᠎ᠠ᠃ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠪᠢᠳᠠ ᠴᠠᠭᠢᠯᠭᠠᠨ ᠤ ᠢᠷᠡᠯᠲᠡ ᠶᠢ ᠨᠡᠮᠡᠭᠳᠡᠭᠦᠯᠬᠦ᠂ ᠴᠠᠭᠢᠯᠭᠠᠨ ᠤ ᠲᠣᠣᠷ ᠢ ᠰᠢᠯᠢᠳᠡᠭᠵᠢᠭᠦᠯᠬᠦ᠂ ᠲᠤᠬᠠᠢ ᠶᠢᠨ ᠭᠠᠵᠠᠷ ᠲᠠᠭᠠᠨ ᠰᠢᠩᠭᠡᠭᠡᠬᠦ ᠶᠢ ᠥᠷᠭᠡᠳᠬᠡᠬᠦ᠂ ᠡᠨᠧᠷᠭᠢ ᠨᠥᠭᠡᠴᠡᠯᠡᠬᠦ ᠶᠢ ᠬᠦᠴᠦᠷᠬᠡᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠤᠯᠤᠰ ᠤᠨ ᠴᠠᠭᠢᠯᠭᠠᠨ ᠤ ᠲᠣᠣᠷ ᠯᠤᠭ᠎ᠠ ᠬᠠᠮᠲᠤᠷᠠᠯᠴᠠᠭᠰᠠᠨ ᠰᠠᠨᠠᠭᠤᠯᠤᠮᠵᠢ ᠳᠤ ᠲᠣᠬᠢᠷᠠᠯᠴᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ᠂《ᠡᠯᠡᠰᠦ ᠭᠤᠪᠢ ᠴᠦᠯ》 ᠤᠨ ᠲᠣᠮᠣ ᠰᠠᠭᠤᠷᠢᠨ ᠭᠠᠵᠠᠷ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠲᠦᠷᠦᠯ ᠵᠦᠢᠯ ᠢ ᠶᠡᠭᠡ ᠪᠠᠷ ᠬᠡᠷᠡᠭᠵᠢᠭᠦᠯᠵᠦ᠂ ᠪᠣᠬᠢᠷᠳᠤᠯ ᠦᠭᠡᠢ ᠤᠰᠤᠲᠥ᠋ᠷᠥᠭᠴᠢ ᠶᠢᠨ《ᠦᠢᠯᠡᠳᠬᠦ ᠨᠥᠭᠡᠴᠡᠯᠡᠬᠦ ᠬᠦᠷᠭᠡᠬᠦ ᠬᠡᠷᠡᠭᠯᠡᠬᠦ》ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠥᠨᠳᠦᠷᠯᠢᠭ ᠢ ᠴᠢᠷᠮᠠᠶᠢᠨ ᠴᠣᠭᠴᠠᠯᠠᠨ᠎ᠠ᠃

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ

ᠠᠰᠠᠭᠤᠯᠳᠠ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠂ ᠥᠪᠥᠷ ᠮᠣᠩᠭᠤᠯ ᠡᠨᠡ ᠠᠵᠢᠯ ᠢ ᠬᠡᠷᠬᠢᠨ ᠠᠬᠢᠭᠤᠯᠬᠤ ᠪᠤᠢ︖

ᠬᠠᠷᠢᠭᠤᠯᠲᠠ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠲᠣᠪᠣᠶᠢᠮ᠎ᠠ ᠳᠤᠲᠠᠭᠤᠳᠠᠯ ᠪᠣᠯᠣᠨ᠎ᠠ᠂ ᠪᠢᠳᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠵᠤ ᠳᠡᠶᠢᠯᠭᠦ ᠬᠦᠰᠡᠯ ᠡᠷᠡᠮᠡᠯᠵᠡᠯ ᠲᠠᠢ《ᠪᠦᠰᠡᠯᠡᠯᠲᠡ ᠰᠢᠪᠲᠤᠯᠬᠤ》ᠴᠡᠭ ᠢ ᠴᠢᠩᠭ᠎ᠠ ᠠᠳᠬᠤᠵᠤ ᠦᠷᠭᠦᠯᠵᠢᠯᠡᠨ ᠪᠣᠭᠤᠮᠲᠠ ᠰᠢᠪᠲᠤᠯᠵᠤ᠂ ᠨᠢᠭᠡᠨᠲᠡ ᠪᠠᠶᠢᠷᠢᠯᠠᠭᠤᠯᠤᠭᠰᠠᠨ 5 ᠴᠡᠭ ᠳᠡᠭᠡᠷ᠎ᠡ ᠠᠯᠢ ᠲᠦᠷᠭᠡᠨ ᠢᠶᠠᠷ ᠮᠡᠷᠭᠡᠵᠢᠯ ᠤᠨ ᠰᠢᠪᠲᠤᠯᠤᠯᠲᠠ ᠭᠠᠷᠭᠠᠵᠤ᠂ ᠵᠣᠬᠢᠶᠠᠮᠠᠯ ᠣᠶᠤᠨ ᠴᠢᠳᠠᠪᠤᠷᠢ + ᠣᠶᠢᠷ᠎ᠠ ᠣᠭᠲᠠᠷᠭᠤᠢ ᠶᠢᠨ ᠠᠵᠤ ᠠᠬᠤᠢ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶᠡᠨ ᠳᠤ ᠪᠠᠰᠠ ᠨᠢᠭᠡ ᠪᠦᠯᠦᠭ ᠰᠢᠨ᠎ᠡ ᠴᠡᠭ ᠢ ᠡᠬᠢᠯᠡᠭᠦᠯᠵᠦ᠂ ᠣᠯᠠᠨ ᠲᠠᠯ᠎ᠠ ᠪᠠᠷ ᠬᠥᠭᠵᠢᠭᠦᠯᠦᠨ ᠴᠡᠴᠡᠭᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠳᠡᠭᠡᠳᠦ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠦᠷᠭᠦᠯᠵᠢᠯᠡᠨ ᠡᠭᠦᠳᠦᠨ ᠪᠠᠶᠢᠭᠤᠯᠵᠤ᠂ ᠭᠦᠭᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠶᠢ ᠵᠥᠪᠰᠢᠶᠡᠷᠡᠭᠦᠯᠬᠦ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠯᠪᠠᠳᠠᠯᠭ᠎ᠠ ᠶᠢᠨ ᠴᠢᠨᠠᠷᠲᠠᠢ ᠨᠡᠮᠡᠭᠳᠡᠭᠦᠯᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂《ᠮᠧᠩ ᠺᠧ ᠵᠢᠦᠢ》ᠲᠠᠪᠴᠠᠩ ᠤᠨ ᠴᠢᠬᠤᠯᠠ ᠶᠡᠭᠡ ᠬᠥᠲᠥᠯᠥᠨ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠬᠦ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠦᠷᠭᠡᠨ ᠬᠥᠭᠵᠢᠯᠲᠡ  ᠨᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠬᠦᠴᠦᠲᠡᠢ ᠳᠠᠶᠢᠴᠢᠯᠠᠵᠤ ᠴᠢᠳᠠᠨ᠎ᠠ᠃ ᠨᠢᠳᠤᠨᠤᠨ ᠮᠠᠨ ᠤ ᠣᠷᠣᠨ ᠤ ᠰᠦ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ᠂ ᠡᠨᠡ ᠬᠡᠳᠦᠨ ᠠᠵᠤ ᠦᠢᠯᠡᠰ ᠲᠤ ᠪᠢᠳᠡ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠎ᠠ᠃ ᠡᠭᠦᠨ ᠤ ᠬᠠᠮᠲᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠵᠡᠷᠭᠡ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠪᠣᠳᠣᠯᠲᠠ ᠶᠢᠨ ᠬᠦᠴᠦᠨ ᠤ ᠬᠡᠪᠴᠢᠶ᠎ᠡ ᠶᠢ ᠰᠢᠨ᠎ᠡ ᠰᠢᠪᠲᠤᠯᠤᠯᠲᠠ ᠲᠠᠢ ᠪᠤᠯᠭᠠᠵᠤ᠂ ᠣᠶᠤᠨᠴᠢ ᠪᠣᠳᠣᠯᠲᠠ ᠶᠢᠨ ᠬᠡᠪᠴᠢᠶ᠎ᠡ ᠶᠢ ᠪᠦᠭᠦ ᠤᠯᠤᠰ ᠤᠨ ᠲᠡᠷᠢᠭᠦᠨ ᠪᠠᠶᠢᠷᠢᠨ ᠳᠤ ᠪᠠᠶᠢᠯᠭᠠᠬᠤ ᠪᠠᠷ ᠴᠢᠷᠮᠠᠶᠢᠨ᠎ᠠ᠃

ᠭᠤᠣᠯᠳᠠᠯᠭ᠎ᠠ ᠲᠠᠢ ᠥᠭᠡᠷᠡᠴᠢᠯᠡᠯᠲᠡ ᠶᠢ ᠠᠬᠢᠭᠤᠯᠵᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ

ᠠᠰᠠᠭᠤᠯᠲᠠ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠭᠤᠣᠯᠳᠠᠯᠭ᠎ᠠ ᠪᠠᠨ ᠬᠠᠮᠢᠭ᠎ᠠ ᠠᠴᠠ ᠬᠦᠴᠦᠯᠡᠬᠦ ᠪᠤᠢ︖

ᠬᠠᠷᠢᠭᠤᠯᠲᠠ᠄ ᠥᠪᠥᠷ ᠮᠣᠩᠭᠤᠯ ᠤᠨ ᠬᠥᠭᠵᠢᠯᠲᠡ ᠳᠤᠮᠳᠠ ᠬᠠᠮᠤᠭ ᠤᠨ ᠲᠤᠯᠭᠠᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯ ᠵᠠᠬ᠎ᠠ ᠳᠡᠯᠭᠡᠭᠦᠷ ᠤᠨ ᠤᠬᠠᠮᠰᠠᠷ ᠴᠢᠩᠭ᠎ᠠ ᠪᠤᠰᠤ ᠠᠰᠠᠭᠤᠳᠠᠯ ᠪᠣᠯᠣᠨ᠎ᠠ᠃ ᠪᠢᠳᠡᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠶᠢᠨ ᠭᠤᠣᠯᠳᠠᠯᠭ᠎ᠠ ᠨᠢ ᠡᠯ᠎ᠡ ᠱᠠᠲᠤᠨ ᠤ ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠢᠶᠠᠷ《ᠭᠤᠷᠪᠠᠨ ᠲᠦᠪᠰᠢᠨ》 ᠢ ᠳᠡᠭᠡᠭᠰᠢᠯᠡᠭᠦᠯᠭᠦ ᠶᠢ ᠠᠬᠢᠭᠤᠯᠬᠤ ᠶᠠᠪᠤᠳᠠᠯ ᠪᠣᠯᠣᠨ᠎ᠠ᠃

ᠨᠢᠭᠡ ᠳᠤ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠢ ᠶᠢᠨ ᠠᠵᠢᠯᠯᠠᠭ᠎ᠠ ᠶᠢ ᠥᠷᠨᠢᠭᠦᠯᠬᠦ ᠳᠡᠭᠡᠨ ᠡᠷᠬᠡᠪᠰᠢ ᠠᠵᠤ ᠠᠬᠤᠢ ᠶᠢᠨ ᠵᠢᠮ᠎ᠡ ᠶᠣᠰᠣ ᠪᠠᠷ ᠠᠵᠢᠯᠯᠠᠵᠤ᠂ ᠵᠠᠬ᠎ᠠ ᠳᠡᠯᠭᠡᠭᠦᠷ ᠲᠤ ᠲᠤᠰᠢᠶᠠᠨ ᠥᠭᠴᠦ ᠪᠤᠯᠬᠤ ᠶᠢ ᠨᠢ ᠵᠠᠬ᠎ᠠ ᠳᠡᠯᠭᠡᠭᠦᠷ ᠲᠤ ᠲᠤᠰᠢᠶᠠᠨ ᠥᠭᠴᠦ᠂ ᠠᠯᠢ ᠴᠢᠳᠠᠬᠤ ᠪᠠᠷ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠬᠡᠷᠡᠭᠲᠡᠢ᠃ ᠪᠢᠳᠡ ᠦᠷ᠎ᠡ ᠠᠰᠢᠭ ᠤᠨ ᠤᠳᠤᠷᠢᠳᠤᠮᠵᠢ ᠶᠢ ᠲᠤᠪᠤᠶᠢᠯᠭᠠᠵᠤ᠂ ᠨᠠᠷᠢᠨ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠬᠤ ᠪᠠ ᠲᠡᠭᠦᠨ ᠳᠤ ᠦᠢᠯᠡᠴᠢᠯᠡᠬᠦ ᠤᠷᠢᠲᠠᠯ ᠳᠣᠣᠷ᠎ᠠ᠂ ᠡᠨᠧᠷᠭᠢ᠂ ᠴᠠᠭᠢᠯᠭᠠᠨ ᠬᠦᠴᠦ᠂ ᠭᠠᠵᠠᠷ ᠰᠢᠷᠣᠢ᠂ ᠳ᠋ᠠᠶᠢᠲ᠋ᠠ ᠵᠡᠷᠭᠡ ᠡᠯᠧᠮᠧᠨ᠋ᠲ ᠢ ᠪᠦᠭᠦᠨ ᠢ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠭᠡᠯᠪᠡᠷᠢ ᠪᠠᠷ ᠲᠣᠬᠢᠷᠠᠭᠤᠯᠤᠨ᠎ᠠ᠃

ᠬᠤᠶᠠᠷ ᠲᠤ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠥᠪ ᠭᠤᠣᠯᠴᠢ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠬᠤ ᠳᠤ ᠵᠥᠪᠭᠡᠨ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ《ᠬᠠᠮᠢᠶᠠᠷᠴᠤ》ᠪᠤᠯᠬᠤ ᠦᠭᠡᠢ᠂ ᠪᠠᠰᠠ ᠵᠠᠬ᠎ᠠ ᠳᠡᠯᠭᠡᠭᠦᠷ ᠤᠨ ᠲᠣᠭᠲᠠᠴᠠ ᠪᠠᠷ《ᠵᠢᠯᠤᠭᠤᠳᠬᠤ》ᠬᠡᠷᠡᠭᠲᠡᠢ᠃ ᠪᠢᠳᠡ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠠᠮᠠᠷᠠᠭᠤᠯᠬᠤ ᠨᠥᠬᠦᠪᠦᠷᠢ ᠣᠯᠭᠤᠬᠤ ᠵᠡᠷᠭᠡ ᠲᠠᠯ᠎ᠠ ᠶᠢᠨ ᠠᠰᠢᠭᠲᠠᠢ ᠲᠤᠷᠰᠢᠯᠭ᠎ᠠ ᠶᠢ ᠭᠦᠢᠴᠡᠳ ᠠᠰᠢᠭᠯᠠᠵᠤ᠂ ᠡᠯ᠎ᠡ ᠬᠦᠷᠢᠶᠡᠨ ᠳᠤ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠥᠰᠢᠭᠦᠷᠭᠡ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠡᠭᠦᠨ ᠤ ᠤᠯᠠᠮ ᠠᠴᠠ ᠨᠡᠶᠢᠭᠡᠮ ᠤᠨ ᠡᠮᠬᠢ ᠵᠢᠷᠤᠮ ᠢ ᠰᠢᠯᠢᠳᠡᠭᠵᠢᠭᠦᠯᠦᠨ᠎ᠡ᠃

ᠭᠤᠷᠪᠠ ᠳᠤ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠳᠤ ᠲᠦᠰᠢᠭᠯᠡᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠪᠢ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠮᠠᠰᠢ ᠣᠯᠠᠨ ᠤᠴᠢᠷ ᠶᠠᠪᠤᠳᠠᠯ ᠳᠤ ᠰᠦᠢᠳᠬᠡᠯ ᠬᠤᠷᠢᠶᠠᠬᠤ ᠬᠥᠮᠥᠨ ᠦᠭᠡᠢ ᠪᠤᠯᠪᠠᠴᠤ ᠪᠠᠰᠠ ᠬᠠᠮᠢᠶᠠᠷᠬᠤ ᠬᠥᠮᠥᠨ ᠦᠭᠡᠢ ᠠᠴᠠ ᠪᠣᠯᠵᠤ ᠵᠠᠷᠢᠮ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠵᠤ ᠴᠢᠳᠠᠬᠤ ᠦᠭᠡᠢ ᠪᠠᠶᠢᠬᠤ ᠶᠢ ᠣᠯᠵᠤ ᠮᠡᠳᠡᠵᠡᠢ᠃ ᠪᠢᠳᠡ ᠶᠠᠭ《ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ》 ᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠲᠡᠭᠦᠯᠳᠡᠷᠵᠢᠭᠦᠯᠵᠦ᠂ ᠨᠠᠩ ᠣᠯᠠᠨ ᠡᠵᠡᠩᠨᠡᠯᠲᠡ ᠶᠢᠨ ᠭᠤᠣᠯ ᠴᠣᠭᠴᠠ ᠶᠢ ᠲᠠᠲᠠᠵᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠰ ᠲᠤ ᠪᠡᠯᠡ ᠣᠷᠣᠭᠤᠯᠵᠤ᠂ ᠣᠯᠠᠨ ᠲᠦᠮᠡᠨ ᠤ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ᠃

ᠠᠰᠠᠭᠤᠯᠲᠠ᠄ ᠡᠨᠡ ᠵᠢᠯ ᠥᠪᠥᠷ ᠮᠣᠩᠭᠤᠯ ᠬᠡᠷᠬᠢᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠬᠤ ᠪᠤᠢ︖

ᠬᠠᠷᠢᠭᠤᠯᠲᠠ᠄ ᠥᠪᠥᠷ ᠮᠣᠩᠭᠤᠯ ᠤᠯᠤᠰ ᠤᠨ ᠳᠣᠲᠣᠷ᠎ᠠ ᠨᠠ‍ᠢᠮᠠᠨ ᠮᠤᠵᠢ ᠣᠷᠣᠨ ᠲᠠᠢ ᠵᠠᠯᠭᠠᠯᠳᠤᠵᠤ᠂ ᠭᠠᠳᠠᠨ᠎ᠠ ᠪᠠᠨ ᠤᠷᠤᠰ ᠪᠣᠯᠣᠨ ᠮᠣᠩᠭᠤᠯ ᠤᠯᠤᠰ ᠲᠠᠢ ᠬᠢᠯᠢ ᠨᠡᠶᠢᠯᠡᠵᠦ᠂ ᠣᠷᠣᠨ ᠪᠠᠶᠢᠷᠢ ᠶᠢᠨ ᠳᠠᠪᠠᠭᠤᠯᠢᠭ ᠪᠤᠰᠤᠳ ᠠᠴᠠ ᠢᠯᠡᠭᠦᠦ ᠪᠠᠶᠢᠳᠠᠭ᠃ ᠡᠨᠡ ᠵᠢᠯ᠂ ᠪᠢᠳᠡ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠵᠣᠷᠢᠯᠭ᠎ᠠ ᠪᠣᠯ ᠳᠠᠷᠤᠢ ᠭᠠᠳᠠᠭᠠᠳᠤ᠂ ᠳᠣᠲᠣᠭᠠᠳᠤ ᠶᠢᠨ ᠬᠠᠮᠲᠤᠷᠠᠯᠴᠠᠭ᠎ᠠ ᠪᠠ ᠣᠷᠣᠨ ᠤ ᠳᠣᠲᠣᠷᠠᠬᠢ ᠡᠯ᠎ᠡ ᠠᠶᠢᠮᠠᠭ ᠬᠤᠲᠠ ᠶᠢᠨ ᠬᠠᠮᠵᠢᠯᠴᠠᠭ᠎ᠠ ᠶᠢ ᠨᠢᠭᠡᠨ ᠰᠢᠨ᠎ᠡ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠭᠦ ᠶᠢᠨ ᠲᠥᠯᠥᠭᠡ ᠶᠤᠮ᠃

ᠭᠠᠳᠠᠭᠠᠳᠤ ᠲᠠᠢ ᠬᠠᠷᠢᠯᠴᠠᠬᠤ ᠳᠤ᠂ ᠭᠤᠣᠯᠳᠠᠭᠤ ᠣᠷᠣᠰ ᠮᠣᠩᠭᠤᠯ ᠳᠤ ᠨᠡᠭᠡᠭᠡᠯᠲᠡ ᠬᠢᠬᠦ ᠶᠢ ᠥᠷᠭᠡᠳᠬᠡᠵᠦ᠂ 《ᠭᠠᠷᠭᠠᠬᠤ》ᠠᠵᠢᠯ ᠢ ᠴᠢᠨᠠᠭᠰᠢᠳᠠ ᠰᠠᠶᠢᠲᠤᠷ ᠬᠢᠵᠦ᠂《ᠣᠷᠣᠭᠤᠯᠬᠤ》ᠦᠢᠯᠡᠳᠬᠦᠨ ᠢ ᠰᠠᠶᠢᠲᠤᠷ ᠬᠡᠷᠡᠭᠯᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ ᠳᠣᠲᠣᠭᠠᠳᠤ ᠳᠠᠭᠠᠨ᠂ ᠭᠤᠣᠯᠳᠠᠯᠭ᠎ᠠ ᠨᠢ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ 《ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ》ᠪᠠ《ᠳᠥᠷᠪᠡᠨ ᠵᠦᠢᠯ ᠤᠨ ᠠᠵᠢᠯᠯᠠᠭ᠎ᠠ》 ᠶᠢ ᠭᠦᠨᠵᠡᠭᠡᠢ ᠥᠷᠨᠢᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠦᠨ᠎ᠡ᠃ ᠣᠷᠣᠨ ᠤ ᠳᠣᠲᠣᠷ᠎ᠠ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠯ᠎ᠡ ᠭᠠᠵᠠᠷ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ᠂ ᠭᠦᠭᠡᠬᠤᠲᠠ ᠪᠤᠭᠤᠲᠤ ᠣᠷᠳᠣᠰ ᠦᠬᠠᠢ ᠵᠡᠷᠭᠡ ᠭᠠᠵᠠᠷ ᠣᠷᠣᠨ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠤᠯᠪᠤᠭᠠᠯᠠᠨ ᠬᠥᠳᠡᠯᠦᠯᠴᠡᠨ ᠬᠥᠭᠵᠢᠬᠦ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠶᠢ ᠠᠬᠢᠭᠤᠯᠤᠨ᠎ᠠ᠃

ᠠᠷᠠᠳ ᠤᠨ ᠠᠮᠢᠳᠤᠷᠠᠯ ᠢ ᠨᠠᠩ ᠰᠠᠶᠢᠨ ᠪᠠᠲᠤᠯᠠᠨ ᠰᠠᠶᠢᠵᠢᠷᠠᠭᠤᠯᠤᠨ᠎ᠠ

ᠠᠰᠠᠭᠤᠯᠲᠠ᠄ ᠰᠢᠨ᠎ᠡ ᠨᠢᠭᠡ ᠵᠢᠯ ᠳᠤ᠂ ᠥᠪᠥᠷ ᠮᠣᠩᠭᠤᠯ ᠠᠷᠠᠳ ᠤᠨ ᠠᠮᠢᠳᠤᠷᠠᠯ ᠢ ᠬᠡᠷᠬᠢᠨ ᠨᠠᠩ ᠰᠠᠶᠢᠨ ᠪᠠᠲᠤᠯᠠᠨ ᠰᠠᠶᠢᠵᠢᠷᠠᠭᠤᠯᠬᠤ ᠪᠤᠶ︖

ᠬᠠᠷᠢᠭᠤᠯᠲᠠ᠄ ᠬᠥᠭᠵᠢᠯᠲᠡ ᠶᠢᠨ ᠦᠷ᠎ᠡ ᠪᠦᠲᠦᠭᠡᠯ ᠢ ᠭᠠᠭᠴᠠ ᠬᠦ ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠪᠠᠯ  ᠣᠯᠠᠨ ᠲᠦᠮᠡᠨ ᠳᠤ ᠨᠠᠩ ᠰᠠᠶᠢᠨ ᠠᠰᠢᠭ ᠬᠦᠷᠲᠡᠭᠡᠵᠦ ᠴᠢᠳᠠᠨ᠎ᠠ᠃ ᠨᠢᠳᠤᠨᠤᠨ᠂ ᠪᠢᠳᠡ 200 ᠳ᠋ᠦᠩᠰᠢᠭᠤᠷ ᠲᠥᠭᠦᠷᠢᠭ ᠰᠢᠬᠠᠮ ᠤᠨ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠦᠭᠦ ᠣᠷᠣᠨ ᠤ ᠠᠷᠠᠳ ᠲᠦᠮᠡᠨ ᠳᠤ ᠠᠮᠠᠯᠠᠭᠰᠠᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠠᠬᠢᠭᠤᠯᠬᠤ ᠪᠠᠷᠢᠮᠵᠢᠶ᠎ᠠ ᠪᠦᠭᠦ ᠤᠯᠤᠰ ᠤᠨ ᠳᠤᠮᠳᠠᠴᠢ ᠲᠦᠪᠰᠢᠨ ᠳᠤ ᠭᠦᠷᠦᠭᠰᠡᠨ ᠪᠤᠶᠤ ᠳᠠᠪᠠᠭᠰᠠᠨ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠡᠨᠡ ᠵᠢᠯ᠂ ᠪᠢᠳᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠠᠭᠤᠷᠢ ᠰᠤᠷᠭᠠᠨ ᠬᠥᠮᠦᠵᠢᠯ ᠢ ᠥᠷᠭᠡᠳᠬᠡᠨ ᠰᠢᠯᠢᠳᠡᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢ ᠵᠣᠬᠢᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠠᠬᠢᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠢᠯᠠᠩᠭᠤᠶ᠎ᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂《ᠬᠥᠮᠥᠨ ᠪᠠᠶᠢᠭᠠᠳ ᠬᠢᠬᠦ ᠠᠵᠢᠯ ᠦᠭᠡᠢ》 ᠪᠠ《ᠠᠵᠢᠯ ᠪᠠᠶᠢᠭᠠᠳ ᠬᠢᠬᠦ ᠬᠥᠮᠥᠨ ᠦᠭᠡᠢ》ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠠᠵᠢᠯ ᠣᠯᠭᠤᠯᠲᠠ ᠪᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ᠃

 

 


   :                    
   :           
备案序号:蒙ICP备05003250号 公安备案15010502000173