ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠾᠧ ᠸᠧᠢ ᠥᠪᠥᠷ ᠮᠣᠩᠭᠤᠯ ᠳᠤ︽ᠤᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠭᠡ ᠳᠤ ᠬᠦᠷᠭᠡᠬᠦ︾ᠠᠵᠢᠯᠯᠠᠭ᠎ᠠ ᠥᠷᠨᠢᠭᠦᠯᠪᠡ ᠰᠦᠨ ᠱᠣᠣ ᠴᠧᠩ ᠸᠠᠩ ᠯᠢ ᠰᠢᠶᠠ ᠪᠠᠷᠠᠳᠠᠨ ᠠᠭᠤᠯᠵᠠᠵᠠᠢ
2025 1 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠾᠧ ᠸᠧᠢ ᠥᠪᠥᠷ ᠮᠣᠩᠭᠤᠯ ᠳᠤ ᠢᠷᠡᠵᠤ《ᠤᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠭᠡ ᠳᠤ ᠬᠦᠷᠭᠡᠬᠦ》ᠠᠵᠢᠯᠯᠠᠭ᠎ᠠ ᠥᠷᠨᠢᠭᠦᠯᠪᠡ᠃ ᠲᠤᠰ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠾᠧ ᠸᠧᠢ ᠲᠠᠢ ᠪᠠᠷᠠᠳᠠᠨ ᠠᠭᠤᠯᠵᠠᠪᠠ᠃
ᠾᠧ ᠸᠧᠢ ᠨᠠᠷ ᠤᠯᠠᠭᠠᠨᠴᠠᠪ ᠬᠤᠳᠠ ᠶᠢᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠤᠯᠠᠨ ᠲᠦᠮᠡᠨ ᠢ ᠲᠣᠬᠤᠨᠢᠭᠤᠯᠤᠨ ᠦᠵᠡᠪᠡ᠃ ᠭᠦᠭᠡᠬᠤᠲᠠ ᠳᠤ᠂ ᠾᠧ ᠸᠧᠢ ᠨᠠᠷ ᠤᠷᠢᠳ ᠬᠤᠵᠢᠳ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠶᠢᠭᠤᠯᠭ᠎ᠠ ᠳᠤ ᠬᠦᠷᠴᠦ ᠪᠠᠶᠢᠴᠠᠭᠠᠨ ᠰᠤᠳᠤᠯᠵᠤ ᠰᠠᠨᠠᠯ ᠢᠶᠠᠨ ᠰᠣᠯᠢᠯᠴᠠᠪᠠ᠃
ᠾᠧ ᠸᠧᠢ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠡᠦᠬᠡᠨ ᠬᠤᠪᠢ ᠨᠡᠮᠡᠷᠢ ᠪᠣᠯᠣᠨ ᠣᠶᠢᠷ᠎ᠠ ᠶᠢᠨ ᠵᠢᠯ ᠳᠤ ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠾᠧ ᠸᠧᠢ᠂ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠬᠥᠳᠡᠯᠭᠡᠭᠡᠨ ᠥᠨᠢ ᠤᠳᠠᠭᠠᠨ ᠲᠡᠦᠬᠡ ᠲᠠᠢ᠂《ᠶᠦᠨ ᠱᠦ ᠪᠢ ᠶᠢᠨ ᠵᠣᠷᠢᠭ ᠰᠠᠨᠠᠭ᠎ᠠ》 ᠶᠢ ᠪᠠᠳᠠᠷᠠᠭᠤᠯᠵᠤ᠂ ᠤᠯᠠᠨ ᠵᠦᠢᠯ ᠤᠨ ᠠᠵᠢᠯ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠠᠢ ᠭᠡᠵᠦ ᠵᠢᠭᠠᠵᠤ ᠭᠠᠷᠭᠠᠪᠠ᠃
ᠾᠧ ᠸᠧᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠠᠭᠠᠨ ᠵᠠᠭᠠᠯᠮᠠᠶᠢᠳᠠᠨ ᠤ ᠠᠵᠢᠯ ᠢ ᠨᠠᠮ ᠪᠣᠯᠣᠨ ᠤᠯᠤᠰ ᠤᠨ ᠠᠵᠢᠯ ᠤᠨ ᠪᠦᠭᠦ ᠲᠠᠯ᠎ᠠ᠂ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ᠂ ᠨᠠᠮ ᠪᠣᠯᠣᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠣᠯᠣᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ《ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ》 ᠤᠨ ᠳᠣᠲᠣᠭᠠᠳᠤ ᠱᠠᠭᠠᠷᠳᠠᠯᠭ᠎ᠠ ᠪᠣᠯᠣᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠶ ᠡᠵᠡᠮᠳᠡᠵᠦ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠤᠯᠠᠭᠠᠨ ᠵᠠᠭᠠᠯᠮᠠᠶᠢᠳᠠᠨ ᠤ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠨᠡᠶᠢᠳᠡ ᠶᠢᠨ ᠢᠲᠡᠭᠡᠭᠦᠯᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠢᠯᠡ ᠲᠣᠳᠣ ᠪᠠᠶᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠢᠳᠡᠪᠬᠢᠲᠡᠢ ᠬᠦᠴᠦᠨ ᠨᠡᠮᠡᠷᠢᠯᠡᠵᠦ᠂ ᠳᠡᠯᠡᠬᠡᠢ ᠶᠢᠨ ᠬᠥᠮᠦᠯᠢᠭ ᠦᠵᠡᠯ ᠤᠨ ᠦᠢᠯᠡᠰ ᠲᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠠᠭᠠᠨ ᠵᠠᠭᠠᠯᠮᠠᠶᠢᠳᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠭᠤᠸᠠᠩ ᠂ ᠬᠦᠦᠳᠠᠭᠤᠯᠠ᠂ ᠠᠢ ᠯᠢ ᠬᠤᠸᠠ᠂ ᠴᠢ᠊ ᠪᠠᠲᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠡᠷᠡᠭ ᠬᠢᠨᠠᠭᠴᠢᠳ ᠤᠨ ᠵᠥᠪᠯᠡᠯ ᠤᠨ ᠲᠤᠰᠬᠠᠢ ᠲᠤᠰᠢᠶᠠᠯᠲᠤ ᠳᠡᠳ᠋ ᠬᠡᠷᠡᠭ ᠬᠢᠨᠠᠭᠴᠢᠳ ᠤᠨ ᠳᠠᠷᠤᠭ᠎ᠠ ᠵᠠᠩ ᠰᠢᠶᠣᠣ ᠪᠢᠨ ᠨᠠᠷ ᠲᠣᠰ ᠲᠣᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃