ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
2025 1 ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠳᠤ ᠬᠦᠴᠦ ᠣᠷᠣᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠰᠤ ᠠᠷᠪᠢᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠳᠠ ᠶᠢᠨ ᠲᠢᠩᠷᠢ ᠰᠢᠶᠠᠨ ᠤ ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪᠡᠳ ᠤᠨ ᠭᠠᠮᠰᠢᠭᠳᠠᠭᠰᠠᠨ ᠣᠷᠣᠨ ᠢ ᠴᠠᠭ ᠲᠤᠬᠠᠢ ᠳᠤᠨᠢ ᠲᠤᠰᠠᠯᠠᠵᠤ᠂ ᠴᠠᠭᠠᠨ ᠰᠠᠷ᠎ᠠ ᠠᠴᠠ ᠡᠮᠦᠨᠡᠬᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠪᠡᠯᠡᠳᠬᠡᠯ ᠲᠥᠰᠥᠯ ᠢ ᠲᠡᠭᠦᠯᠳᠡᠷᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ》ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠭᠦ ᠶᠠᠪᠤᠴᠠ ᠳᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠲᠤᠪᠤᠶᠢᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂《ᠵᠢᠷᠭᠤᠭᠠᠨ ᠢᠨᠵᠧᠨᠧᠷᠢᠩ》 ᠢ ᠰᠠᠶᠢᠲᠤᠷ ᠠᠳᠬᠤᠵᠤ ᠂《ᠵᠢᠷᠭᠤᠭᠠᠨ ᠠᠵᠢᠯᠯᠠᠭ᠎ᠠ》 ᠶᠢ ᠰᠠᠶᠢᠲᠤᠷ ᠥᠷᠨᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠠᠶᠢᠨ ᠬᠠᠨᠳᠤᠰᠢ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ《ᠲᠠᠪᠤᠨ ᠶᠡᠭᠡ ᠡᠭᠦᠷᠭᠡ》 ᠶᠢᠨ 2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠠᠷᠭ᠎ᠠ ᠬᠡᠮᠵᠢᠶ᠎ᠡ ᠲᠣᠭᠲᠠᠭᠠᠵᠤ᠂ ᠨᠢᠭᠲᠠ ᠬᠤᠯᠪᠣᠯᠳᠤᠭᠰᠠᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ《ᠵᠢᠷᠭᠤᠭᠠᠨ ᠢᠨᠵᠧᠨᠧᠷᠢᠩ》 ᠤᠨ 2025 ᠣᠨ ᠤ ᠰᠡᠳᠬᠢᠮᠵᠢ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠲᠦᠮᠵᠢᠲᠡᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠲᠥᠰᠥᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ᠃ ᠡᠪᠦᠯ ᠤᠨ ᠤᠯᠠᠷᠢᠯ ᠤᠨ ᠴᠠᠭ ᠢ ᠠᠰᠢᠭᠯᠠᠨ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠭᠤᠯᠤᠨ ᠥᠷᠨᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠡᠷᠲᠡᠬᠡᠨ ᠪᠠᠶᠢᠷᠢᠯᠠᠭᠤᠯᠬᠤ᠂ ᠡᠷᠲᠡᠬᠡᠨ ᠠᠵᠢᠯ ᠡᠬᠢᠯᠡᠭᠦᠯᠬᠦ᠂ ᠡᠷᠲᠡᠬᠡᠨ ᠦᠷ᠎ᠡ ᠪᠦᠲᠦᠮᠵᠢ ᠣᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢᠨ ᠦᠨᠳᠦᠰᠦᠨ ᠰᠡᠳᠬᠢᠮᠵᠢ ᠶᠢ ᠰᠤᠳᠤᠯᠵᠤ᠂ ᠠᠳᠠᠯᠢ ᠠᠯᠬᠤᠮ ᠢᠶᠠᠷ ᠴᠢᠬᠤᠯᠠ ᠶᠡᠭᠡ ᠲᠥᠷᠥᠯ ᠵᠦᠢᠯ ᠤᠨ ᠨᠠᠷᠢᠨ ᠲᠠᠩᠰᠠ ᠶᠢ ᠪᠦᠷᠢᠯᠳᠦᠭᠦᠯᠵᠦ᠂ ᠤᠯᠤᠰ ᠤᠨ《ᠶᠡᠭᠡ ᠲᠠᠯ᠎ᠠ》 ᠳᠤ ᠣᠷᠣᠭᠤᠯᠬᠤ ᠪᠠᠷ ᠴᠢᠷᠮᠠᠶᠢᠬᠤ ᠶᠢᠨ ᠵᠡᠷᠭᠡ ᠪᠠᠷ ᠲᠤᠰᠬᠠᠢ ᠲᠥᠯᠦᠪᠵᠢᠭᠦᠯᠭᠡ ᠶᠢ ᠤᠷᠢᠳᠴᠢᠯᠠᠨ ᠲᠥᠯᠥᠪᠵᠢᠭᠦᠯᠦᠨ ᠲᠤᠭᠤᠷᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠥᠷᠢ ᠥᠭᠴᠡᠭᠡ ᠶᠢ ᠰᠢᠢᠳᠪᠦᠷᠢᠯᠡᠬᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠠᠵᠢᠯ ᠢ ᠰᠤᠳᠤᠯᠵᠠᠢ᠃