ᠵᠤᠬᠢᠶᠠᠭᠴᠢ: ᠴᠠᠭ:2025-01-24 ᠥᠵᠡᠭᠰᠡᠨ : ᠢᠷᠡᠯᠲᠡ: ᠥᠪᠥᠷ ᠮᠣᠩᠭᠤᠯ ᠤᠨ          
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠪᠠ 1  ᠰᠠᠷ᠎ᠠ ᠶᠢᠨ 9 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ   ᠰᠦᠨ ᠱᠤᠤ ᠴᠧᠩ ᠬᠤᠷᠠᠯ ᠢ ᠡᠷᠭᠢᠯᠡᠵᠠᠢ

 

2025  1  ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠪᠠ 1  ᠰᠠᠷ᠎ᠠ ᠶᠢᠨ 9 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2024 ᠣᠨ ᠤ ᠠᠵᠢᠯ ᠤᠨ ᠪᠠᠶᠢᠳᠠᠯ᠂ 2025 ᠣᠨ ᠤ ᠠᠵᠢᠯ ᠤᠨ ᠲᠥᠯᠥᠪᠯᠡᠭᠡ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠶᠤᠮ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠡᠭᠦᠷᠢᠳᠡ ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠨᠤᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠶ ᠰᠠᠶᠢᠲᠤᠷ ᠬᠢᠵᠦ᠂ ᠪᠦᠭᠦ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠭᠤᠣᠯ ᠪᠤᠯᠭᠠᠵᠤ᠂ ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ ᠂《ᠵᠢᠷᠭᠤᠭᠠᠨ ᠢᠨᠵᠧᠨᠧᠷᠢᠩ》 ᠢ ᠬᠡᠷᠡᠭᠵᠢᠭᠦᠯᠬᠦ ᠂《ᠵᠢᠷᠭᠤᠭᠠᠨ ᠠᠵᠢᠯᠯᠠᠭ᠎ᠠ》ᠥᠷᠨᠢᠭᠦᠯᠬᠦ ᠶᠢᠨ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠬᠦ ᠬᠡᠷᠡᠭᠲᠡᠢ᠃ ᠲᠥᠪ ᠪᠤᠰᠤ ᠰᠤᠷᠲᠠᠯ ᠪᠠ ᠢᠯᠵᠢᠷᠡᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠳᠠᠯᠳᠠᠭᠤᠷ ᠣᠨᠳᠣᠣᠰᠢᠭᠰᠠᠨ《ᠳᠥᠷᠪᠡᠨ ᠰᠤᠷᠲᠠᠯ》 ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠢᠳᠬᠡᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠦᠨᠳᠦᠰᠦᠨ ᠱᠠᠲᠤ ᠶᠢ ᠱᠠᠯᠠᠪᠳᠠᠭᠤᠯᠤᠨ ᠠᠰᠠᠭᠤᠳᠠᠯ ᠢ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠤᠨ ᠪᠦᠷᠢᠯᠳᠦᠭᠦᠨ ᠢ ᠱᠠᠯᠠᠪᠳᠠᠭᠤᠯᠤᠨ《ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠶᠢ ᠯᠠᠪᠳᠠᠭᠤᠨ ᠪᠠᠲᠤᠲᠠᠢ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠤᠬᠠᠶᠢᠯᠠᠭᠰᠠᠨ ᠠᠵᠢᠯ ᠢ ᠵᠡᠷᠭᠡ ᠪᠠᠷ ᠰᠤᠳᠤᠯᠬᠤ᠂ ᠵᠡᠷᠭᠡ ᠪᠠᠷ ᠪᠠᠶᠢᠷᠢᠯᠠᠭᠤᠯᠬᠤ᠂ ᠵᠡᠷᠭᠡ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠳᠦᠷᠢᠮ ᠲᠣᠭᠲᠠᠴᠠ ᠶᠢᠨ ᠬᠠᠨᠳᠤᠯᠭᠠᠲᠤ ᠴᠢᠨᠠᠷ ᠪᠣᠯᠣᠨ ᠬᠢᠵᠠᠭᠠᠷᠯᠠᠬᠤ ᠬᠦᠴᠦᠨ ᠢ ᠳᠡᠭᠡᠭᠰᠢᠯᠡᠭᠦᠯᠵᠦ᠂ ᠡᠬᠢ ᠡᠭᠦᠰᠦᠯ ᠠᠴᠠ ᠨᠢ ᠠᠯᠳᠠᠭᠳᠠᠯ ᠭᠠᠷᠬᠤ ᠶᠢ ᠬᠤᠷᠢᠭᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠺᠠᠳ᠋ᠷ ᠤᠨ ᠡᠩᠨᠡᠭᠡᠨ ᠤ ᠬᠠᠮᠢᠶᠠᠷᠤᠯᠲᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ ᠬᠠᠤᠯᠢᠵᠢᠯᠳᠠ ᠵᠢᠩᠬᠢᠨᠢᠴᠢᠯᠡᠯᠲᠡ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠬᠤ ᠳᠦᠷᠢᠮ ᠢ ᠬᠡᠷᠡᠭᠵᠢᠭᠦᠯᠬᠦ ᠲᠠᠯ᠎ᠠ ᠪᠠᠷ ᠵᠢᠱᠢᠶ᠎ᠡ ᠦᠵᠡᠭᠦᠯᠵᠦ ᠳᠠᠭᠤᠷᠢᠶᠠᠯ ᠪᠣᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠨᠠᠮ ᠤᠨ ᠤᠳᠤᠷᠢᠳᠤᠯᠭ᠎ᠠ ᠶᠢ ᠦᠨᠡᠨ ᠬᠦ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠡᠯ᠎ᠡ ᠲᠠᠯ᠎ᠠ ᠪᠦᠭᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠠᠯᠬᠤᠭ᠎ᠠ ᠨᠢᠭᠡᠲᠡᠢ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ 2024 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠢ ᠨᠤᠲᠠᠯᠠᠵᠤ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠨᠠᠶᠢᠳᠠᠪᠤᠷᠢᠵᠢᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ《ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ》ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ《ᠬᠤᠶᠠᠷ ᠢ ᠲᠣᠭᠲᠠᠭᠠᠭᠰᠠᠨ》 ᠢ ᠬᠦᠷᠢᠶᠡᠯᠡᠵᠦ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠶᠢ ᠰᠦᠪᠡᠭᠴᠢᠯᠡᠬᠦ᠂ ᠥᠭᠡᠷᠡᠴᠢᠯᠡᠯᠲᠡ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠤᠰ ᠰᠢᠰᠲ᠋ᠧᠮ ᠲᠤᠰ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠤᠳᠤᠯᠤᠨ ᠠᠬᠢᠭᠤᠯᠬᠤ ᠬᠡᠷᠡᠭᠲᠡᠢ᠃ ᠲᠤᠰ ᠪᠡᠶ᠎ᠡ ᠶᠢᠨ ᠡᠩᠨᠡᠭᠡᠨ ᠤ ᠪᠠᠶᠢᠭᠤᠯᠤᠯᠲᠠ ᠪᠠᠨ ᠪᠦᠭᠦ ᠬᠦᠴᠦ ᠪᠠᠷ ᠢᠶᠠᠨ ᠰᠠᠶᠢᠲᠤᠷ ᠠᠳᠬᠤᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠂ ᠲᠥᠯᠥᠭᠡᠯᠡᠭᠴᠢ ᠭᠡᠰᠢᠭᠦᠨ ᠢ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠬᠤ ᠶᠢ ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠭᠦ ᠪᠤᠯᠭᠠᠬᠤ ᠬᠡᠷᠡᠭᠲᠡᠢ᠃ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠰ ᠲᠤᠰ ᠤᠨ ᠬᠦᠷᠢᠶ᠎ᠡ ᠴᠠᠷᠠᠭ᠎ᠠ ᠶᠢᠨ ᠪᠣᠳᠠᠲᠠᠢ ᠠᠵᠢᠯ ᠪᠣᠯᠭᠠᠨ ᠬᠤᠪᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠬᠤᠰᠢᠭᠤᠴᠢ ᠪᠣᠯᠵᠤ᠂ ᠦᠯᠢᠭᠡᠷ ᠳᠠᠭᠤᠷᠢᠶᠠᠯ ᠪᠤᠯᠬᠤ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰ ᠰᠢᠰᠲ᠋ᠧᠮ ᠤᠨ ᠢᠶᠠᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠳᠠ ᠶᠢᠨ ᠲᠢᠩᠷᠢ ᠰᠢᠶᠠᠨ ᠳᠤ 6.8 ᠲᠡᠰ ᠤᠨ ᠭᠠᠵᠠᠷ ᠬᠥᠳᠡᠯᠦᠭᠰᠡᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠤᠯᠭᠠᠵᠤ᠂ ᠴᠢᠩᠭ᠎ᠠ ᠪᠣᠳᠠᠲᠠᠢ ᠨᠠᠷᠢᠯᠢᠭ ᠣᠪᠣᠷ ᠪᠠ ᠠᠷᠭ᠎ᠠ ᠬᠡᠮᠵᠢᠶ᠎ᠡ ᠪᠠᠷ ᠪᠦᠭᠦ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠪᠦᠭᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠰᠦᠷ ᠬᠦᠴᠦᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠠᠶᠢᠭᠤᠯᠤᠯᠲᠠ ᠶᠢᠨ ᠪᠦᠭᠦ ᠤᠯᠤᠰ ᠤᠨ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

 


   :                    
   :           
备案序号:蒙ICP备05003250号 公安备案15010502000173