ᠵᠤᠬᠢᠶᠠᠭᠴᠢ:
ᠴᠠᠭ:2025-02-07
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 2 ᠰᠠᠷ᠎ᠠ ᠶᠢᠨ 5 ᠤ ᠴᠠᠭᠢᠯᠭᠠᠨ ᠮᠡᠳᠡᠭᠡ 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃
ᠰᠢ ᠶᠢᠨ ᠫᠢᠩ᠂ ᠳᠤᠮᠳᠠᠳᠤ ᠤᠯᠤᠰ ᠪᠣᠯᠣᠨ ᠺᠢᠷᠭᠢᠽᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠠᠷᠠᠳ ᠤᠨ ᠰᠡᠳᠬᠢᠯ ᠡᠯᠢᠭᠡᠰᠡᠭ ᠳᠣᠲᠣᠨᠣ ᠪᠠᠶᠢᠵᠤ᠂ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠶᠤᠮ᠃ ᠣᠶᠢᠷ᠎ᠠ ᠶᠢᠨ ᠵᠢᠯ ᠠᠴᠠ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠰᠢᠨ᠎ᠡ ᠥᠨᠳᠥᠷᠴᠡ ᠳᠤ ᠬᠦᠷᠴᠡᠢ᠃ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠠᠷ ᠤᠨ ᠴᠢᠮᠡᠭᠡ ᠲᠠᠰᠤᠷᠠᠯᠳᠠ ᠦᠭᠡᠢ ᠤᠯᠠᠮᠵᠢᠯᠠᠭᠳᠠᠵᠤ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠡᠶᠢᠭᠡᠮ ᠪᠠ ᠠᠷᠠᠳ ᠤᠨ ᠰᠠᠨᠠᠭᠠᠨ ᠤ ᠰᠠᠭᠤᠷᠢ ᠡᠳᠦᠷ ᠢᠷᠡᠬᠦᠶ᠎ᠡ ᠪᠠᠬᠢᠵᠢᠪᠡ᠃ ᠺᠢᠷᠭᠢᠽᠰᠲ᠋ᠠᠨ ᠤ ᠬᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠤᠮᠳᠠᠳᠤ ᠤᠯᠤᠰ ᠲᠡᠮᠵᠢᠵᠥ᠂ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠥᠷᠭᠡᠳᠬᠡᠵᠦ᠂ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠭᠠᠷ ᠬᠤᠯᠪᠣᠨ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠨᠡᠩ ᠰᠠᠶᠢᠲᠤᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠰᠡᠳᠬᠢᠮᠵᠢ ᠪᠠᠨ ᠦᠷᠭᠦᠯᠵᠢᠯᠡᠨ ᠥᠷᠭᠡᠳᠬᠡᠵᠦ᠂《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠤᠯᠭᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠺᠢᠷᠭᠢᠽᠰᠲ᠋ᠠᠨ ᠤ ᠨᠠᠩ ᠣᠯᠠᠨ ᠴᠢᠨᠠᠷ ᠰᠠᠶᠢᠲᠠᠢ ᠲᠠᠸᠠᠷ ᠢ ᠣᠷᠣᠭᠤᠯᠵᠤ᠂ ᠨᠠᠩ ᠣᠯᠠᠨ ᠳᠤᠮᠳᠠᠳᠤ ᠶᠢᠨ ᠪᠠᠯᠡᠲᠤ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠡ᠂ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠠᠶᠢᠲᠤᠷ ᠪᠦᠲᠦᠭᠡᠨ ᠪᠠᠶᠢᠭᠤᠯᠵᠤ᠂ ᠨᠢᠭᠡᠨᠲᠡ ᠪᠠᠶᠢᠭ᠎ᠠ ᠬᠢᠯᠢ ᠶᠢᠨ ᠪᠣᠭᠤᠮᠲᠠ ᠶᠢᠨ ᠣᠳᠣᠬᠢᠴᠢᠯᠠᠬᠤ ᠥᠭᠡᠷᠡᠴᠢᠯᠡᠯᠲᠡ ᠶᠢ ᠵᠡᠷᠭᠡ ᠪᠠᠷ ᠠᠬᠢᠭᠤᠯᠵᠤ᠂ ᠨᠡᠩ ᠤᠯᠠᠨ ᠠᠶᠠᠨᠴᠢᠳ ᠤᠨ ᠲᠡᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠨᠠᠪᠲᠠᠷᠡᠭᠦᠯᠵᠦ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠪᠠᠷᠠᠭᠠᠨ ᠤ ᠭᠦᠢᠯᠭᠡᠭᠡ ᠳᠤ ᠨᠡᠩ ᠤᠯᠠᠨ ᠲᠦᠭᠦᠮ ᠦᠵᠡᠭᠦᠯᠦᠶ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠰᠣᠶᠣᠯ ᠤᠨ ᠲᠥᠪ᠂ ᠯᠦ ᠪᠠᠨ ᠦᠢᠯᠡᠳᠬᠡᠯ ᠤᠨ ᠭᠠᠵᠠᠷ᠂ ᠺᠦᠩᠽᠢ ᠳᠡᠭᠡᠳᠦ ᠰᠤᠷᠭᠠᠭᠤᠯᠢ ᠵᠡᠷᠭᠡ ᠪᠠᠶᠢᠭᠤᠯᠤᠮᠵᠢ ᠶᠢ ᠰᠠᠶᠢᠲᠤᠷ ᠡᠵᠡᠩᠨᠡᠵᠦ᠂ ᠣᠷᠣᠨ ᠨᠤᠲᠤᠭ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠢᠷᠭᠢᠽᠰᠲ᠋ᠠᠨ ᠤ ᠨᠥᠬᠦᠷᠯᠡᠯ ᠤᠨ ᠦᠢᠯᠡᠰ ᠲᠤ ᠣᠷᠤᠯᠴᠠᠬᠤ ᠨᠡᠩ ᠤᠯᠠᠨ ᠬᠦᠴᠦᠨ ᠢ ᠪᠣᠶᠢᠵᠢᠭᠤᠯᠤᠶ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠭᠢᠽᠰᠲ᠋ᠠᠨ ᠤ ᠲᠠᠯ᠎ᠠ ᠲᠠᠢ ᠨᠢᠭᠲᠠ ᠬᠠᠮᠵᠢᠯᠴᠠᠵᠤ᠂ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠲᠣᠭᠲᠠᠯᠴᠠᠭ᠎ᠠ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃
ᠵᠠᠫᠠᠯᠤᠹ᠂ ᠰᠢᠨ᠎ᠡ ᠵᠢᠯ ᠤᠨ ᠡᠬᠢᠨ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠬᠠᠮᠤᠭ ᠤᠨ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠶ᠎ᠡ᠃ ᠳᠤᠮᠳᠠᠳᠤ ᠤᠯᠤᠰ ᠤᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠶᠢ ᠬᠦᠰᠡᠨ ᠵᠥᠩᠨᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠶᠢᠨ ᠳᠣᠣᠷ᠎ᠠ ᠳᠤᠮᠳᠠᠳᠤ ᠤᠯᠤᠰ ᠬᠤᠣᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠶᠠᠨ ᠳᠤ ᠭᠢᠯᠠᠯᠵᠠᠭᠰᠠᠨ ᠠᠮᠵᠢᠯᠲᠠ ᠣᠯᠵᠤ᠂ ᠡᠯ᠎ᠡ ᠤᠯᠤᠰ ᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠨ ᠬᠤᠪᠢᠶᠠᠯᠴᠠᠵᠤ᠂ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢᠨ ᠬᠠᠮᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠪᠣᠯᠪᠠ᠃ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ᠎ᠠ᠃ ᠺᠢᠷᠭᠢᠽᠰᠲ᠋ᠠᠨ ᠳᠤᠮᠳᠠᠳᠤ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠬᠤᠶᠠᠷ ᠤᠯᠤᠰ ᠤᠨ ᠬᠠᠷᠢᠯᠴᠠᠭ᠎ᠠ ᠣᠶᠢᠷ᠎ᠠ ᠶᠢᠨ ᠵᠢᠯ ᠳᠤ ᠰᠢᠨ᠎ᠡ ᠲᠦᠪᠰᠢᠨ ᠳᠤ ᠭᠦᠷᠪᠠ᠂ ᠳᠤᠮᠳᠠᠳᠤ ᠤᠯᠤᠰ ᠪᠣᠯ ᠺᠢᠷᠭᠢᠽᠰᠲ᠋ᠠᠨ ᠤ ᠨᠠᠶᠢᠳᠠᠪᠤᠷᠢᠲᠠᠢ ᠨᠠᠶᠢᠵᠠ ᠪᠠ ᠬᠠᠨᠢᠲᠠᠨ ᠮᠥᠨ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠢᠭᠲᠠ ᠬᠠᠮᠲᠤᠷᠠᠯᠴᠠᠭ᠎ᠠ ᠥᠷᠨᠢᠭᠦᠯᠦᠭᠰᠡᠨ ᠪᠥᠭᠡᠳ ᠦᠯᠡᠮᠵᠢ ᠦᠷ᠎ᠡ ᠪᠦᠲᠦᠭᠡᠯ ᠣᠯᠪᠠ᠃ ᠺᠢᠷᠭᠢᠽᠰᠲ᠋ᠠᠨ ᠤ ᠬᠢᠨ ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ ᠬᠤᠯᠪᠣᠭᠳᠠᠭᠰᠠᠨ ᠵᠡᠷᠭᠡ ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠢ ᠦᠷᠭᠦᠯᠵᠢᠯᠡᠨ ᠡᠷᠡᠰ ᠳᠡᠮᠵᠢᠨ᠎ᠡ᠃ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠺᠢᠷᠭᠢᠽᠰᠲ᠋ᠠᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠭᠡᠬᠦ ᠡᠨᠡ ᠬᠦ 《ᠪᠣᠯᠣᠳ ᠲᠡᠮᠦᠷ ᠤᠨ ᠲᠣᠷᠭᠠᠨ ᠵᠠᠮ》 ᠢ ᠰᠠᠶᠢᠲᠤᠷ ᠪᠦᠲᠦᠭᠡᠨ ᠪᠠᠶᠢᠭᠤᠯᠵᠤ᠂ ᠠᠵᠤ ᠦᠢᠯᠡᠰ᠂ ᠪᠡᠯᠡ ᠣᠷᠣᠭᠤᠯᠤᠯᠲᠠ᠂ ᠠᠷᠠᠯᠵᠢᠶ᠎ᠠ᠂ ᠵᠠᠮ ᠬᠠᠷᠢᠯᠴᠠᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠲᠡᠷᠢᠭᠦᠨ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ》 ᠳᠤ ᠬᠠᠮᠲᠤ ᠪᠠᠷ ᠭᠠᠷ ᠤᠨ ᠥᠰᠥᠭ ᠵᠢᠷᠤᠵᠤ᠂《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠵᠢᠴᠢ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃
ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠶᠢ ᠤᠭᠲᠤᠬᠤ ᠶᠣᠰᠣᠯᠠᠯ ᠶᠠᠪᠤᠭᠤᠯᠪᠠ᠃
ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠢᠷᠭᠢᠽᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠵᠠᠫᠠᠯᠤᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃
ᠲᠤᠰ ᠡᠳᠦᠷ ᠤᠨ ᠦᠳᠡ ᠳᠤ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃