ᠵᠤᠬᠢᠶᠠᠭᠴᠢ:
ᠴᠠᠭ:2025-02-07
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠦᠨ ᠱᠤᠤ ᠴᠧᠩ ᠳᠥᠷᠪᠡᠳ ᠬᠤᠰᠢᠭᠤᠨ ᠳᠤ ᠬᠦᠷᠴᠦ︽ᠠᠷᠠᠳ ᠤᠨ ᠵᠢᠱᠢᠶᠡᠴᠢ︾ᠳᠦᠭᠦᠶᠢᠮ᠎ᠠ ᠶᠢ ᠡᠷᠭᠢᠨ ᠦᠵᠡᠭᠰᠡᠨ ᠤ ᠬᠠᠮᠲᠤ ᠪᠠᠶᠢᠴᠠᠭᠠᠨ ᠰᠤᠳᠤᠯᠤᠯᠲᠠ ᠬᠢᠪᠡ
ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠳᠤ᠂ ᠬᠠᠬᠢᠷ ᠬᠦᠢᠲᠡᠨ ᠤᠯᠠᠷᠢᠯ ᠢᠶᠠᠷ ᠬᠠᠶᠢᠷ᠎ᠠ ᠰᠡᠳᠬᠢᠯᠭᠡ ᠭᠦᠨ ᠪᠠᠶᠢᠯ᠎ᠠ᠃ 2025 1 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠭᠦᠨᠵᠡᠭᠡᠶᠢᠷᠡᠨ 《ᠠᠷᠠᠳ ᠤᠨ ᠵᠢᠱᠢᠶᠡᠴᠢ》ᠳᠦᠭᠦᠶᠢᠮ᠎ᠠ ᠶᠢ ᠡᠷᠭᠢᠨ ᠦᠵᠡᠵᠦ ᠲᠣᠬᠤᠨᠢᠭᠤᠯᠤᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ ᠃
ᠥᠷᠯᠥᠭᠡ ᠡᠷᠲᠡ ᠰᠦᠨ ᠱᠤᠤ ᠴᠧᠩ ᠭᠦᠭᠡᠬᠤᠲᠠ ᠠᠴᠠ ᠮᠠᠰᠢᠨ ᠲᠡᠷᠭᠡ ᠪᠠᠷ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠳᠦᠭᠦᠶᠢᠮ᠎ᠠ ᠨᠠᠰᠤᠲᠠᠨ ᠤ ᠬᠢᠨ ᠳᠤ ᠬᠦᠷᠴᠡᠢ᠂ ᠨᠠᠰᠤᠲᠠᠨ ᠤ ᠭᠡᠷ ᠲᠤᠨᠢ ᠣᠷᠣᠮᠠᠭᠴᠠ ᠲᠡᠷᠡ᠂《ᠤᠳᠠᠯ ᠦᠭᠡᠢ ᠴᠠᠭᠠᠨ ᠰᠠᠷ᠎ᠠ ᠪᠤᠯᠬᠤ ᠭᠡᠵᠦ ᠪᠠᠶᠢᠨ᠎ᠠ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠᠨ ᠢ ᠡᠷᠭᠢᠨ ᠦᠵᠡᠵᠦ ᠪᠤᠢ᠂ ᠲᠠᠨ ᠳᠤ ᠰᠢᠨ᠎ᠡ ᠶᠢᠨ ᠵᠣᠯᠭᠠᠯᠲᠠ ᠬᠢᠵᠦ ᠪᠠᠶᠢᠨ᠎ᠠ᠂ ᠲᠠᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ》ᠭᠡᠵᠦ ᠨᠠᠰᠤᠲᠠᠨ ᠳᠤ ᠬᠡᠯᠡᠪᠡ᠃ ᠰᠦᠨ ᠱᠣᠣ ᠴᠧᠩ ᠨᠠᠰᠤᠲᠠᠨ ᠤ ᠠᠮᠢᠳᠤᠷᠠᠯ ᠪᠠ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠪᠠ᠃ ᠳᠦᠭᠦᠶᠢᠮ᠎ᠠ ᠨᠠᠰᠤᠲᠠᠨ ᠪᠠᠶᠠᠷᠯᠠᠨ ᠲᠤᠬᠳᠤᠯᠤᠬᠰᠠᠨ ᠰᠡᠳᠬᠢᠯ ᠢᠶᠠᠨ ᠳᠠᠷᠤᠵᠤ ᠶᠠᠳᠠᠨ᠂ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ ᠰᠢᠨ᠎ᠡ ᠬᠤᠪᠢᠷᠠᠯᠲᠠ ᠪᠠᠨ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ ᠰᠦᠨ ᠱᠤᠤ ᠴᠧᠩ ᠳᠦᠭᠦᠶᠢᠮ᠎ᠠ ᠨᠠᠰᠤᠲᠠᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠂ ᠲᠡᠷᠡ᠂ ᠲᠠ ᠤᠯᠤᠰ ᠲᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠶᠢ ᠦᠢᠯᠡᠳᠦᠯᠭᠡᠵᠢᠭᠦᠯᠪᠡ᠃ ᠲᠠᠨ ᠤ ᠪᠡᠶ᠎ᠡ ᠮᠠᠬᠠᠪᠤᠳ ᠡᠷᠡᠭᠦᠯ ᠰᠠᠷᠠᠭᠤᠯ᠂ ᠴᠤᠭ ᠵᠢᠪᠬᠤᠭ᠎ᠠ ᠲᠡᠭᠦᠯᠳᠡᠷ ᠪᠠᠶᠢᠬᠤ ᠶᠢ ᠦᠵᠡᠭᠡᠳ ᠪᠢ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ ᠭᠡᠵᠡᠢ᠃ ᠰᠦᠨ ᠱᠤᠤ ᠴᠧᠩ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤ ᠨᠠᠰᠤᠲᠠᠨ ᠢ ᠵᠠᠪᠠᠯ ᠰᠠᠶᠢᠲᠤᠷ ᠬᠠᠷᠠᠭᠠᠯᠵᠠᠬᠤ ᠬᠡᠷᠡᠭᠲᠡᠢ ᠭᠡᠵᠦ ᠵᠠᠬᠢᠪᠠ᠃
ᠲᠣᠬᠤᠨᠢᠭᠤᠯᠤᠭᠰᠠᠨ ᠤ ᠳᠠᠷᠠᠭ᠎ᠠ᠂ ᠰᠦᠨ ᠱᠤᠤ ᠴᠧᠩ ᠤᠯᠠᠭᠠᠨᠴᠠᠪ ᠬᠤᠳᠠ ᠪᠣᠯᠣᠨ ᠳᠥᠷᠪᠡᠳ ᠬᠤᠰᠢᠭᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ᠂ ᠬᠤᠰᠢᠭᠤ ᠬᠤᠶᠠᠷ ᠱᠠᠲᠤᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠨᠤᠲᠠᠯᠠᠪᠠ᠃ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ《ᠨᠢᠭᠡ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ》 ᠠᠵᠢᠯ ᠤᠨ ᠰᠡᠳᠬᠢᠮᠵᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠮᠳᠠ ᠠᠯᠬᠤᠮ ᠠᠯᠬᠤᠮ ᠢᠶᠠᠷ ᠪᠦᠷᠢᠯᠳᠦᠭᠰᠡᠨ ᠶᠤᠮ᠃ ᠡᠨᠡ ᠬᠦ ᠦᠨᠳᠦᠰᠦᠨ ᠰᠡᠳᠬᠢᠮᠵᠢ ᠶᠢ ᠲᠣᠭᠲᠠᠪᠤᠷᠢᠵᠢᠭᠤᠯᠤᠨ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠯ ᠪᠦᠷᠢ ᠬᠡᠳᠦᠨ ᠵᠦᠢᠯ ᠤᠨ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠠᠵᠢᠯ ᠢ ᠠᠳᠬᠤᠵᠤ ᠂ ᠨᠢᠳᠤᠨᠤᠨ《ᠵᠢᠷᠭᠤᠭᠠᠨ ᠢᠨᠵᠧᠨᠧᠷᠢᠩ 》 ᠢ ᠬᠡᠷᠡᠭᠵᠢᠭᠦᠯᠵᠦ᠂ ᠡᠨᠡ ᠵᠢᠯ《ᠵᠢᠷᠭᠤᠭᠠᠨ ᠠᠵᠢᠯᠯᠠᠭ᠎ᠠ》 ᠶᠢ ᠪᠠᠶᠢᠷᠢᠯᠠᠭᠤᠯᠵᠤ᠂ ᠢᠮᠠᠭᠲᠠ ᠮᠥᠷᠲᠡᠭᠡᠨ ᠪᠠᠰᠠ ᠭᠤᠣᠯᠳᠠᠯᠭ᠎ᠠ ᠶᠢ ᠲᠤᠪᠤᠶᠢᠯᠭᠠᠬᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠨ ᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠢ ᠭᠡᠵᠡᠢ᠃
ᠰᠦᠨ ᠱᠤᠤ ᠴᠧᠩ᠂《ᠵᠢᠷᠭᠤᠭᠠᠨ ᠠᠵᠢᠯᠯᠠᠭ᠎ᠠ》 ᠶᠢ ᠬᠡᠷᠡᠭᠵᠢᠭᠦᠯᠬᠦ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠡᠯ᠎ᠡ ᠱᠠᠲᠤ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠭᠤᠣᠯᠳᠠᠯᠭ᠎ᠠ ᠶᠢ ᠲᠣᠪᠤᠶᠢᠯᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠱᠠᠲᠤ ᠪᠠᠷ ᠢᠶᠠᠨ ᠡᠭᠡᠭᠡ ᠠᠳᠠᠯᠢᠬᠠᠨ ᠪᠠᠶᠢᠬᠤ ᠠᠴᠠ ᠰᠡᠷᠭᠡᠶᠢᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠨᠢᠭᠡᠳᠦᠯᠲᠡᠢ ᠲᠥᠯᠥᠪᠵᠢᠭᠦᠯᠬᠦ ᠶᠢ ᠨᠡᠩ ᠴᠢᠬᠤᠯᠠᠴᠢᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠢ ᠨᠡᠩ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠳᠤᠮᠳᠠᠳᠤ ᠶᠢᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠳᠤ ᠬᠡᠷᠬᠢᠨ ᠠᠰᠢᠭᠲᠠᠢ ᠪᠣᠯ ᠲᠡᠭᠡᠵᠦ ᠬᠥᠭᠵᠢᠭᠦᠯᠬᠦ ᠬᠡᠷᠡᠭᠲᠡᠢ᠃ ᠤᠯᠠᠭᠠᠨᠴᠠᠪ ᠬᠤᠲᠠ ᠶᠢᠨ ᠬᠢᠨ ᠳᠠᠪᠠᠭᠤᠯᠢᠭ ᠲᠠᠭᠠᠨ ᠰᠠᠭᠤᠷᠢᠯᠠᠨ᠂ ᠳᠠᠪᠠᠭᠤᠯᠢᠭ ᠢᠶᠠᠨ ᠥᠷᠭᠡᠳᠬᠡᠵᠦ᠂ ᠪᠣᠳᠣᠯᠲᠠ ᠶᠢᠨ ᠴᠢᠳᠠᠪᠤᠷᠢ᠂ ᠲᠡᠮᠦᠷ ᠤᠨ ᠬᠠᠶᠢᠯᠤᠰᠢ᠂ ᠰᠣᠶᠣᠯ ᠵᠢᠭᠤᠯᠴᠢᠯᠠᠯ ᠵᠡᠷᠭᠡ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠨᠠᠩ ᠰᠠᠨᠠᠭᠠᠴᠢᠯᠠᠭ᠎ᠠ ᠠᠴᠠ ᠪᠠᠨ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠳᠤ ᠠᠭᠤᠰᠤᠯᠴᠠᠬᠤ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠨᠳᠤᠯᠭᠠᠲᠤ ᠴᠢᠨᠠᠷᠲᠠᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠡᠪᠴᠢᠶᠡᠲᠦ ᠴᠢᠨᠠᠷᠲᠠᠢ ᠪᠠᠷ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ᠂ ᠴᠠᠭᠢᠯᠭᠠᠨ ᠬᠠᠩᠭᠠᠬᠤ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠠᠰᠢᠭᠯᠠᠬᠤ ᠵᠡᠷᠭᠡ ᠠᠰᠠᠭᠤᠳᠠᠯ ᠢ ᠬᠤᠲᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠭᠠᠯᠠᠭ᠎ᠠ ᠲᠥᠯᠥᠪᠯᠡᠭᠡ ᠪᠠᠨ ᠡᠷᠲᠡᠬᠡᠨ ᠬᠢᠬᠦ ᠬᠡᠷᠡᠭᠲᠡᠢ᠂ ᠬᠤᠰᠢᠭᠤ ᠰᠢᠶᠠᠨ ᠤ ᠬᠢᠨ ᠴᠦ ᠵᠣᠷᠢᠭᠲᠠᠢ ᠪᠠᠷ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠡᠲᠡᠭᠡᠷ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠡᠢ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃