ᠵᠤᠬᠢᠶᠠᠭᠴᠢ:
ᠴᠠᠭ:2025-02-07
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
2025 1 ᠰᠠᠷ᠎ᠠ ᠶᠢᠨ 25 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨ᠎ᠡ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠭᠦᠷᠡᠰᠦ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠢ ᠲᠠᠰᠤ ᠠᠷᠢᠯᠭᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠤᠯᠭᠠᠵᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠯᠦᠭᠡ ᠶᠢᠨ ᠵᠣᠯᠭᠠᠯᠴᠠᠭ᠎ᠠ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠭᠡᠭᠡᠯᠲᠡ ᠬᠢᠵᠦ ᠬᠥᠭᠵᠢᠬᠦ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠦᠷᠭᠦᠯᠵᠢᠯᠡᠨ ᠬᠦᠴᠦᠲᠡᠢ ᠳᠡᠮᠵᠢᠵᠦ᠂ ᠥᠪᠥᠷ ᠮᠣᠩᠭᠤᠯ ᠤᠨ ᠰᠣᠶᠣᠯ ᠤᠨ ᠲᠣᠮᠣ ᠣᠷᠣᠨ ᠤ ᠳᠦᠷᠢ ᠲᠥᠷᠬᠦ ᠶᠢ ᠤᠯᠠᠮ ᠨᠢᠭᠡ ᠠᠯᠬᠤᠮ ᠱᠤᠭᠤᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠠᠭᠠᠨ ᠰᠠᠷ᠎ᠠ ᠶᠢᠨ ᠬᠤᠯᠪᠣᠭᠳᠠᠯ ᠪᠦᠬᠦᠢ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ᠂ ᠴᠠᠭᠠᠨ ᠰᠠᠷ᠎ᠠ ᠶᠢᠨ ᠲᠡᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ᠂ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠦᠨᠡᠨ ᠬᠦ ᠰᠠᠶᠢᠲᠤᠷ ᠠᠳᠬᠤᠵᠤ᠂ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠲᠣᠭᠲᠠᠭᠠᠯ ᠶᠣᠰᠣᠭᠠᠷ ᠵᠢᠵᠢᠭᠦᠷᠯᠡᠨ ᠰᠠᠬᠢᠬᠤ ᠶᠢ ᠴᠢᠩᠭ᠎ᠠ ᠠᠳᠬᠤᠵᠤ᠂ ᠪᠦᠭᠦ ᠣᠷᠣᠨ ᠤ ᠠᠷᠠᠳ ᠲᠦᠮᠡᠨ ᠤ ᠪᠠᠶᠠᠷ ᠭᠦᠷ ᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠠᠵᠢᠯ ᠲᠥᠷᠥᠯ ᠢᠶᠠᠷ ᠢᠶᠠᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠳᠤ ᠰᠢᠨ᠎ᠡ ᠡᠨᠧᠷᠭᠢ ᠶᠢ ᠰᠢᠩᠭᠡᠬᠡᠨ ᠠᠪᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠬᠦ᠂ ᠪᠣᠬᠢᠷᠳᠤᠯ ᠦᠭᠡᠢ ᠴᠠᠭᠢᠯᠭᠠᠨ ᠤ ᠬᠠᠩᠭᠠᠯᠭ᠎ᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠡᠨᠧᠷᠭᠢ ᠡᠨᠡ ᠬᠦ《ᠲᠤᠯᠭᠠᠭᠤᠷᠢ》ᠠᠵᠤ ᠦᠢᠯᠡᠰ ᠢ ᠨᠠᠩ ᠶᠡᠭᠡ ᠨᠠᠩ ᠬᠦᠴᠦᠷᠬᠡᠭ ᠪᠤᠯᠭᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠥᠪ ᠭᠤᠤᠯᠴᠢ ᠨᠡᠭᠡᠭᠡᠯᠲᠡᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠤᠶ ᠪᠤᠯᠭᠠᠵᠤ᠂ ᠠᠷᠠᠳ ᠤᠨ ᠠᠮᠢᠳᠤᠷᠠᠯ ᠳᠤ ᠠᠰᠢᠭᠲᠠᠢ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠣᠷᠢᠭᠵᠢᠭᠤᠯᠤᠨ᠂《ᠥᠪᠥᠷ ᠮᠣᠩᠭᠤᠯ》ᠨᠡᠷᠡᠮᠵᠢᠳᠤ ᠦᠢᠯᠡᠳᠬᠦᠨ ᠤ ᠶᠠᠰᠤ ᠴᠢᠨᠠᠷ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂《ᠢᠳᠡᠭᠡᠨ ᠤ ᠵᠦᠢᠯᠡᠰ᠂ ᠡᠮ ᠤᠨ ᠵᠦᠢᠯᠡᠰ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ》 ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ《ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2024 ᠣᠨ ᠤ ᠠᠵᠢᠯ ᠤᠨ ᠳ᠋ᠦᠩᠨᠡᠯᠲᠡ》ᠪᠣᠯᠣᠨ 《ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ》 ᠶᠢ ᠬᠢᠨᠠᠨ ᠵᠥᠪᠯᠡᠵᠦ᠂ ᠡᠯ᠎ᠡ ᠱᠠᠲᠤᠨ ᠤ ᠬᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ ᠠᠬᠢᠭᠤᠯᠵᠤ᠂ ᠪᠠᠶᠢᠭᠤᠯᠤᠯ ᠲᠣᠭᠲᠠᠴᠠ ᠶᠢ ᠤᠯᠠᠮ ᠰᠢᠯᠤᠭᠤᠳᠬᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠬᠤ ᠳᠤ ᠪᠣᠳᠠᠲᠠᠢ ᠶᠢ ᠡᠷᠬᠢᠮᠯᠡᠨ᠂ ᠬᠡᠷᠡᠭᠵᠢᠭᠦᠯᠵᠦ ᠳᠡᠶᠢᠯᠭᠦ᠂ ᠭᠦᠢᠴᠡᠳᠬᠡᠵᠦ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢᠨ ᠲᠥᠰᠥᠯ ᠢ ᠨᠠᠶᠢᠳᠠᠪᠤᠷᠢᠵᠢᠭᠤᠯᠬᠤ ᠳᠤ ᠱᠠᠯᠠᠪᠳᠠᠨ ᠬᠢᠵᠦ᠂ ᠡᠯ᠎ᠡ ᠵᠦᠢᠯ ᠤᠨ ᠬᠦᠴᠢᠷ ᠠᠰᠠᠭᠤᠳᠠᠯ ᠪᠣᠯᠣᠨ ᠬᠠᠷᠰᠢ ᠰᠠᠭᠠᠳ ᠢ ᠲᠥᠪᠯᠡᠷᠡᠭᠦᠯᠦᠨ ᠬᠦᠴᠦᠯᠡᠨ ᠰᠢᠪᠲᠤᠯᠵᠤ᠂ ᠵᠣᠷᠢᠯᠭ᠎ᠠ ᠳᠠᠭᠠᠨ ᠬᠦᠷᠬᠦ ᠠᠴᠠ ᠨᠠᠰᠢ ᠵᠣᠭᠰᠣᠵᠤ ᠪᠤᠯᠬᠤ ᠦᠭᠡᠢ᠃ ᠥᠭᠡᠷᠡᠴᠢᠯᠡᠯᠲᠡ ᠶᠢ ᠱᠠᠯᠠᠪᠳᠠᠭᠤᠯᠤᠨ ᠪᠠᠶᠢᠴᠠᠭᠠᠬᠤ ᠳᠤ ᠠᠶᠢᠵᠠᠮ ᠢ ᠰᠠᠶᠢᠲᠤᠷ ᠡᠵᠡᠮᠳᠡᠵᠦ᠂ ᠠᠯᠢᠪᠠ ᠪᠦᠭᠦᠨ ᠳᠤ ᠪᠣᠳᠠᠲᠠᠢ ᠦᠷ᠎ᠡ ᠪᠦᠲᠦᠮᠵᠢ ᠠᠴᠠ ᠡᠭᠦᠰᠴᠦ᠂ ᠦᠷ᠎ᠡ ᠳ᠋ᠦᠩ ᠢ ᠢᠯᠡᠭᠦᠦ ᠠᠩᠬᠠᠷᠴᠤ᠂ ᠶᠠᠪᠤᠴᠠ ᠶᠢ ᠳᠤᠲᠠᠭᠤ ᠦᠵᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ《ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠤᠭᠤᠳᠬᠤ ᠰᠠᠨᠠᠯ》 ᠢ ᠬᠢᠨᠠᠨ ᠵᠥᠪᠯᠡᠵᠡᠢ᠃