ᠵᠤᠬᠢᠶᠠᠭᠴᠢ:
ᠴᠠᠭ:2025-02-14
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠼᠠᠢ ᠴᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ
ᠰᠢᠨᠬᠤᠸᠠ ᠬᠤᠷᠢᠶ᠎ᠠ ᠶᠢᠨ ᠴᠠᠩᠴᠦ᠋ᠨ ᠤ 2025 ᠣᠨ ᠤ 2 ᠳ᠋ᠤᠭᠠᠷ ᠰᠠᠷ᠎ᠠ ᠶᠢᠨ 8 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠭᠢᠷᠢᠨ ᠮᠤᠵᠢ ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ《ᠲᠠᠪᠤᠨ ᠶᠡᠭᠡ ᠠᠮᠤᠷ ᠲᠦᠪᠰᠢᠨ》 ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠥᠭᠵᠢᠭᠦᠯᠦᠯᠲᠡ ᠶᠢᠨ ᠵᠣᠭᠰᠣᠴᠠ ᠪᠠᠨ ᠴᠢᠨᠠᠷ ᠰᠠᠶᠢᠲᠠᠢ ᠬᠥᠭᠵᠢᠯᠲᠡ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠠ ᠲᠣᠭᠢᠶᠠᠯ ᠢ ᠠᠳᠬᠤᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃
2 ᠰᠠᠷ᠎ᠠ ᠶᠢᠨ 8 ᠤ ᠡᠳᠦᠷ ᠦᠨ ᠦᠳᠡ ᠶᠢᠨ ᠡᠮᠦᠨ᠎ᠡ᠂ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠴᠢᠶᠠᠩ ᠬᠠᠷᠢᠭᠤ ᠮᠡᠳᠡᠭᠦᠯᠦᠯᠲᠡ ᠬᠢᠵᠦ᠂ ᠮᠤᠵᠢ ᠶᠢᠨ ᠳᠠᠷᠤᠭ᠎ᠠ ᠬᠤ᠋ ᠢᠦᠢ ᠲᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃
ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠢᠷᠢᠨ ᠤ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃
ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠ ᠠᠵᠤ ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠢᠷᠢᠨ ᠤ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠵᠤ ᠦᠢᠯᠡᠰ ᠤᠨ ᠰᠢᠨ᠎ᠡ ᠶᠢ ᠡᠭᠦᠳᠬᠦ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠪᠠ ᠬᠦᠴᠦᠨ ᠢ ᠨᠡᠶᠢᠳᠬᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠦᠷᠦᠯ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠮᠥᠰᠥ ᠴᠠᠰᠤ᠂ ᠪᠠᠶᠢᠭᠠᠯᠢ ᠶᠢᠨ ᠥᠩᠭᠡ ᠦᠵᠡᠮᠵᠢ᠂ ᠦᠨᠳᠦᠰᠦᠲᠡᠨ ᠤ ᠵᠠᠩ ᠦᠶᠯᠡ ᠵᠡᠷᠭᠡ ᠣᠨᠴᠠᠯᠢᠭᠲᠤ ᠡᠬᠢ ᠪᠠᠶᠠᠯᠢᠭ ᠢ ᠠᠰᠢᠭᠯᠠᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠴᠠᠩᠴᠦ᠋ᠨ ᠤ ᠣᠳᠣᠬᠢᠴᠢᠯᠠᠭᠰᠠᠨ ᠬᠤᠳᠠ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠭᠦᠨ ᠬᠤᠶᠢᠲᠤ ᠣᠷᠣᠨ ᠤ ᠪᠤᠰᠤᠳ ᠮᠤᠵᠢ ᠯᠤᠭ᠎ᠠ ᠬᠠᠮᠵᠢᠯᠴᠠᠨ ᠬᠥᠳᠡᠯᠦᠯᠴᠡᠬᠦ ᠶᠢ ᠴᠢᠬᠤᠯᠠᠴᠢᠯᠠᠵᠤ᠂ ᠠᠭᠤᠰᠤᠯᠴᠠᠨ ᠬᠥᠭᠵᠢᠬᠦ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠤᠶᠢᠯ ᠤᠨ ᠴᠢᠬᠤᠯᠠ ᠶᠤᠮ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠪᠣᠯᠣᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠵᠥᠪᠯᠡᠬᠦ ᠰᠡᠳᠦᠪ ᠢ ᠲᠣᠬᠢᠷᠠᠭᠤᠯᠵᠤ᠂ ᠥᠭᠡᠷᠡᠴᠢᠯᠡᠯᠲᠡ ᠶᠢᠨ ᠲᠥᠰᠥᠯ ᠢ ᠪᠦᠷᠢᠯᠳᠦᠭᠦᠯᠵᠦ᠂ ᠭᠦᠨ ᠳᠠᠪᠬᠤᠷᠭ᠎ᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠦ ᠲᠡᠷᠡ᠂ ᠠᠷᠠᠳ ᠡᠴᠡ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠤ ᠲᠡᠷᠡ᠂ ᠴᠥᠮ ᠲᠦᠷᠦ ᠶᠢᠨ ᠪᠣᠳᠣᠯᠭ᠎ᠠ ᠲᠣᠭᠲᠠᠭᠠᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ ᠶᠢ ᠴᠢᠬᠤᠯᠠᠴᠢᠯᠠᠵᠤ᠂ ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠥᠭᠡᠳ ᠥᠪᠡᠷᠮᠢᠴᠡ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠠᠷᠢᠶᠠᠯᠠᠩ ᠤᠨ ᠲᠣᠮᠣ ᠮᠤᠵᠢ᠂ ᠠᠮᠤ ᠪᠤᠳᠠᠭᠠᠨ ᠤ ᠲᠣᠮᠣ ᠮᠤᠵᠢ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠭᠢᠷᠢᠨ ᠤ ᠬᠢᠨ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠪᠠᠶᠢᠭᠤᠯᠤᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ᠂ ᠶᠠᠰᠤ ᠴᠢᠨᠠᠷ ᠤᠨ ᠲᠠᠷᠢᠶᠠᠯᠠᠩ᠂ ᠲᠥᠷᠥᠯ ᠲᠡᠮᠳᠡᠭᠲᠦ ᠲᠠᠷᠢᠶᠠᠯᠠᠩ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ᠃ ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠢᠳᠡᠭᠡᠨ ᠢ ᠨᠠᠷᠢᠯᠢᠭ ᠡᠳ᠋ᠰᠢᠭᠦᠯᠬᠦ ᠶᠢ ᠴᠢᠩᠭᠠᠳᠬᠠᠵᠤ᠂《ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ ᠰᠡᠭᠦᠯ ᠳᠤ》《ᠮᠠᠯ ᠨᠢ ᠡᠬᠢᠨ ᠳᠤ ᠮᠢᠬ᠎ᠠ ᠨᠢ ᠰᠡᠭᠦᠯ ᠳᠤ》 《ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ》ᠪᠤᠯᠬᠤ ᠠᠵᠢᠯ ᠢ ᠭᠦᠢᠴᠡᠳ ᠪᠥᠭᠡᠳ ᠠᠮᠢᠳᠤᠯᠢᠭ ᠬᠢᠵᠦ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠦᠢᠯᠡᠰ ᠢ ᠮᠠᠨᠳᠤᠭᠤᠯᠬᠤ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠪᠠ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠭᠢᠷᠢᠨ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠬᠦ ᠬᠡᠷᠡᠭᠲᠡᠢ᠃ ᠬᠢᠯᠢ ᠬᠢᠵᠠᠭᠠᠷ ᠣᠷᠣᠨ ᠢ ᠮᠠᠨᠳᠤᠭᠤᠯᠵᠤ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠢᠯᠢ ᠶᠢᠨ ᠠᠷᠠᠯᠵᠢᠶ᠎ᠠ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠶᠠᠮᠠᠷᠪᠠ ᠦᠶ᠎ᠡ ᠳᠤ ᠴᠦ ᠡᠷᠬᠡᠪᠰᠢ ᠴᠢᠩᠭ᠎ᠠ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠵᠦ ᠰᠡᠷᠡᠮᠵᠢᠯᠡᠭᠦᠯᠭᠦ ᠪᠠ ᠠᠷᠭᠠᠴᠠᠬᠤ ᠪᠠᠨ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠵᠥᠪ ᠤᠳᠤᠷᠢᠳᠤᠮᠵᠢ ᠪᠠ ᠠᠵᠢᠯ ᠤᠨ ᠵᠥᠪ ᠤᠳᠤᠷᠢᠳᠤᠮᠵᠢ ᠶᠢ ᠪᠤᠢ ᠪᠤᠯᠭᠠᠵᠤ᠂ ᠡᠯ᠎ᠡ ᠱᠠᠲᠤᠨ ᠤ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠪᠤᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠺᠠᠳ᠋ᠷ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠬᠣᠷᠢᠶᠠᠨ ᠤ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
ᠾᠧ ᠯᠢ ᠹᠧᠩ᠂ ᠸᠠᠩ ᠰᠢᠶᠣᠣ ᠬᠤᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃