ᠵᠤᠬᠢᠶᠠᠭᠴᠢ:
ᠴᠠᠭ:2025-02-14
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠪᠣᠯᠣᠨ ᠫᠧᠩ ᠯᠢ ᠶᠤᠸᠠᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠬᠤ ᠳᠠᠶᠢᠯᠠᠯᠭ᠎ᠠ ᠬᠢᠪᠡ
ᠰᠢᠨᠬᠤᠸᠠ ᠬᠤᠷᠢᠶ᠎ᠠ ᠶᠢᠨ ᠬᠠᠷᠪᠢᠨ ᠤ 2025 ᠣᠨ ᠤ 2 ᠳ᠋ᠤᠭᠠᠷ ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠳᠠᠶᠢᠯᠠᠯᠭ᠎ᠠ ᠬᠢᠵᠦ᠂ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃
ᠲᠡᠳᠡ ᠪᠣᠯ᠄ ᠪᠷᠦ᠋ᠨ᠋ᠸᠢ ᠶᠢᠨ ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠦᠸᠠ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠳ ᠫᠸᠶᠢᠲ᠋ᠦ᠋ᠩᠲ᠋ᠠᠨ᠂ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠪᠣᠯᠣᠨ ᠲᠡᠭᠦᠨ ᠤ ᠬᠠᠳᠤᠨ ᠱᠧᠨ ᠵᠢᠩ ᠡᠾᠦ᠋ᠢ ᠵᠢᠴᠢ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ᠂ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠨᠠᠷ ᠪᠣᠯᠣᠨ᠎ᠠ᠃
ᠴᠠᠭᠠᠨ ᠰᠠᠷ᠎ᠠ ᠶᠢᠨ ᠮᠥᠰᠥᠨ ᠬᠤᠳᠠ ᠮᠥᠩᠭᠦᠨ ᠬᠤᠪᠴᠠᠰᠤ ᠬᠡᠲᠦᠷᠴᠦ᠂ ᠪᠡᠯᠭᠡᠲᠦ ᠴᠠᠰᠤ ᠡᠯᠪᠡᠭ ᠬᠤᠷᠢᠶᠠᠯᠲᠠ ᠶᠢ ᠪᠡᠯᠭᠡᠳᠡᠨ᠎ᠡ᠃
ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠷᠢᠯᠴᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠳᠣᠲᠣᠨᠣ ᠪᠠᠷ ᠭᠠᠷ ᠠᠳᠬᠤᠵᠤ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
ᠳᠤᠮᠳᠠᠳᠤ ᠭᠠᠳᠠᠭᠠᠳᠤ ᠶᠢᠨ ᠦᠨᠳᠦᠰᠦᠲᠡᠨ ᠤ ᠬᠤᠪᠴᠠᠰᠤ ᠵᠠᠰᠠᠯ ᠲᠠᠢ 40 ᠪᠠᠭᠠᠴᠤᠳ ᠬᠡᠦᠬᠡᠳ ᠬᠠᠷᠠᠮᠥ᠋ᠷᠡᠨ ᠤ ᠠᠷᠠᠳ ᠤᠨ ᠳᠠᠭᠤᠤ《ᠦᠰᠰᠦ᠋ᠷᠢ ᠮᠥᠷᠡᠨ ᠤ ᠣᠩᠭᠤᠴᠠᠴᠢᠨ ᠤ ᠳᠠᠭᠤᠤ》 ᠶᠢ ᠳᠠᠭᠤᠯᠠᠵᠤ᠂ ᠤᠯᠠᠨ ᠤᠯᠤᠰ ᠤᠨ ᠬᠦᠨᠳᠦᠲᠦ ᠵᠣᠴᠢᠳ ᠢ ᠬᠠᠯᠠᠭᠤᠨ ᠢᠶᠠᠷ ᠤᠭᠲᠤᠪᠠ᠃
ᠳᠠᠶᠢᠯᠠᠯᠭ᠎ᠠ ᠶᠢᠨ ᠲᠢᠩᠬᠢᠮ ᠳᠤ ᠮᠥᠰᠥ ᠴᠠᠰᠤᠨ ᠤ ᠦᠪᠡᠳᠡᠭᠰᠢ ᠴᠤᠭᠯᠠᠭᠠᠨ ᠪᠣᠯᠣᠨ ᠬᠥᠭᠵᠢᠶᠡᠨᠲᠦ ᠴᠠᠭᠠᠨ ᠰᠠᠷ᠎ᠠ ᠶᠢᠨ ᠠᠭᠤᠷ ᠠᠮᠢᠰᠬᠤᠯ ᠰᠣᠯᠪᠢᠴᠠᠵᠤ᠂ ᠪᠠᠶᠠᠷ ᠭᠦᠷ ᠢᠶᠠᠷ ᠪᠢᠯᠬᠠᠨ᠎ᠠ᠃
ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃
ᠰᠢ ᠶᠢᠨ ᠫᠢᠩ᠂ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠡᠨᠡ ᠣᠷᠣᠢ ᠠᠰᠠᠭᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠴᠠ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠭᠦᠷᠳᠡᠯ᠎ᠠ᠂ ᠳᠤᠮᠳᠠᠳᠤ ᠤᠯᠤᠰ ᠤᠨ《ᠮᠥᠰᠥ ᠴᠠᠰᠤᠨ ᠤ ᠬᠠᠯᠠᠮᠰᠢᠯ》ᠪᠦᠭᠦ ᠤᠯᠤᠰ ᠲᠤ ᠲᠠᠷᠬᠠᠵᠤ᠂ ᠳᠡᠯᠡᠬᠡᠢ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠴᠤ ᠠᠮᠢᠵᠢᠷᠠᠯ ᠤᠨ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠤ ᠤᠷᠤᠯᠳᠤᠭᠠᠨ ᠳᠤ ᠣᠷᠤᠯᠴᠠᠬᠤ ᠤᠯᠤᠰ ᠪᠠ ᠭᠠᠵᠠᠷ ᠣᠷᠣᠨ ᠤ ᠲᠤᠭ᠎ᠠ᠂ ᠲᠠᠮᠢᠷᠴᠢᠳ ᠤᠨ ᠲᠤᠭ᠎ᠠ ᠴᠥᠮ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ᠃ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠪᠣᠯᠣᠨ ᠡᠯ᠎ᠡ ᠤᠯᠤᠰ ᠡᠯ᠎ᠡ ᠭᠠᠵᠠᠷ ᠣᠷᠣᠨ ᠤ ᠲᠥᠯᠥᠭᠡᠯᠡᠭᠴᠢᠳ ᠤᠨ ᠪᠦᠯᠭᠦᠮ ᠤᠨ ᠬᠠᠮᠲᠤ ᠶᠢᠨ ᠴᠢᠷᠮᠠᠶᠢᠯᠭ᠎ᠠ ᠪᠠᠷ ᠬᠠᠷᠪᠢᠨ ᠳᠡᠯᠡᠬᠡᠢ ᠳ᠋ᠠᠬᠢᠨ ᠳᠤ ᠨᠢᠭᠡ ᠬᠤᠭᠤᠴᠠᠭᠠᠨ ᠤ《ᠳᠤᠮᠳᠠᠳᠤ ᠤᠯᠤᠰ ᠤᠨ ᠣᠨᠴᠠᠯᠢᠭ ᠲᠠᠢ᠂ ᠠᠽᠢᠶ᠎ᠠ ᠲᠢᠪ ᠤᠨ ᠬᠡᠪ ᠨᠠᠮᠪᠠ ᠲᠠᠢ᠂ ᠭᠤᠶᠢᠳᠠ ᠰᠠᠶᠢᠬᠠᠨ》ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠮᠥᠰᠥ ᠴᠠᠰᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ《ᠮᠥᠰᠥ ᠴᠠᠰᠤᠨ ᠤ ᠬᠠᠮᠲᠤ ᠶᠢᠨ ᠬᠦᠰᠡᠯ᠂ ᠠᠽᠢᠶ᠎ᠠ ᠲᠢᠪ ᠤᠨ ᠬᠠᠮᠲᠤ ᠶᠢᠨ ᠰᠡᠳᠬᠢᠯ》ᠭᠡᠬᠦ ᠭᠤᠣᠯ ᠰᠡᠳᠦᠪ ᠲᠠᠢ ᠪᠠᠶᠢᠵᠤ᠂ ᠠᠽᠢᠶ᠎ᠠ ᠲᠢᠪ ᠤᠨ ᠠᠷᠠᠳ ᠲᠦᠮᠡᠨ ᠤ ᠡᠩᠬᠡ ᠲᠠᠶᠢᠪᠤᠩ᠂ ᠬᠥᠭᠵᠢᠯᠲᠡ᠂ ᠨᠥᠬᠦᠷᠯᠡᠯ ᠤᠨ ᠲᠤᠬᠠᠢ ᠬᠠᠮᠲᠤ ᠶᠢᠨ ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢ ᠠᠴᠢᠶᠠᠯᠠᠪᠠ᠃ ᠠᠮᠤᠷ ᠲᠠᠶᠢᠪᠤᠩ ᠡᠶ᠎ᠡ ᠨᠠᠶᠢᠷᠠᠮᠳᠠᠭᠤ ᠬᠠᠮᠲᠤ ᠶᠢᠨ ᠬᠦᠰᠡᠯ ᠵᠡᠭᠦᠳᠦ ᠪᠠᠨ ᠪᠠᠲᠤ ᠰᠠᠬᠢᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠡ ᠳᠤ ᠠᠽᠢᠶ᠎ᠠ ᠲᠢᠪ ᠤᠨ ᠬᠦᠴᠦᠨ ᠴᠢᠳᠠᠯ ᠢᠶᠠᠨ ᠡᠷᠭᠦᠶ᠎ᠡ᠃ ᠴᠡᠴᠡᠭᠯᠡᠨ ᠬᠥᠭᠵᠢᠬᠦ ᠬᠠᠮᠲᠤ ᠶᠢᠨ ᠬᠥᠭᠡᠭᠡᠴᠡᠯᠳᠦᠯ ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ ᠨᠡᠮᠡᠷᠢᠯᠡᠶ᠎ᠡ᠃ ᠬᠠᠷᠢᠯᠴᠠᠨ ᠡᠯᠢᠭᠡᠰᠡᠭ ᠳᠣᠲᠣᠨᠣ ᠬᠠᠮᠲᠤ ᠶᠢᠨ ᠬᠦᠰᠡᠯ ᠢ ᠪᠡᠶᠡᠯᠡᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃
ᠰᠢ ᠶᠢᠨ ᠫᠢᠩ᠂ ᠬᠠᠷᠪᠢᠨ ᠪᠣᠯ ᠳᠤᠮᠳᠠᠳᠤ ᠤᠯᠤᠰ ᠤᠨ ᠣᠳᠣ ᠦᠶ᠎ᠡ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠭᠦᠰᠦᠯ ᠤᠨ ᠭᠠᠵᠠᠷ ᠪᠣᠯᠣᠨ᠎ᠠ᠃《ᠮᠥᠰᠥ ᠴᠠᠰᠤᠲᠤ ᠲᠠᠯ᠎ᠠ ᠨᠤᠲᠤᠭ ᠴᠤ ᠠᠯᠲᠠᠨ ᠠᠭᠤᠯᠠ ᠮᠥᠩᠭᠦᠨ ᠬᠠᠶᠢᠷᠬᠠᠨ ᠮᠥᠨ》᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠠᠭ ᠬᠠᠷᠪᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠭᠠᠳᠠᠭᠠᠳᠤ ᠨᠡᠭᠡᠭᠡᠯᠲᠡ ᠶᠢᠨ ᠰᠢᠨ᠎ᠡ ᠬᠤᠯᠪᠣᠭᠠᠰᠤ ᠪᠣᠯᠵᠤ ᠪᠠᠶᠢᠨ᠎ᠠ᠃ ᠤᠯᠠᠨ ᠢᠶᠠᠷ ᠢᠶᠠᠨ ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠨᠡᠭᠡᠭᠡᠯᠲᠡᠲᠡᠢ ᠪᠠᠭᠲᠠᠭᠠᠮᠵᠢᠲᠠᠢ ᠬᠠᠷ᠎ᠠ ᠬᠥᠷᠥᠰᠥᠲᠦ ᠨᠤᠲᠤᠭ ᠢᠶᠠᠷ ᠵᠢᠭᠤᠯᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠ ᠮᠥᠷ ᠢ ᠡᠷᠢᠯᠬᠢᠯᠡᠵᠦ᠂ ᠮᠠᠷᠲᠠᠭᠳᠠᠰᠢ ᠦᠭᠡᠢ ᠰᠠᠶᠢᠨ ᠰᠠᠶᠢᠬᠠᠨ ᠮᠥᠰᠥ ᠴᠠᠰᠤᠨ ᠤ ᠳᠤᠷᠠᠰᠤᠮᠵᠢ ᠦᠯᠡᠳᠡᠭᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠲᠠᠮᠢᠷᠴᠢᠳ ᠤᠷᠤᠯᠳᠤᠭᠠᠨ ᠤ ᠲᠠᠯᠠᠪᠤᠷ ᠲᠤ ᠬᠤᠷᠴᠠ ᠱᠠᠯᠠᠮᠠᠭᠠᠢ ᠪᠠᠶᠢᠵᠤ᠂ ᠰᠢᠯᠢᠳᠡᠭ ᠬᠢᠷᠢ ᠪᠦᠲᠦᠮᠵᠢ ᠶᠢ ᠵᠣᠷᠢᠭᠲᠠᠢ ᠪᠠᠷ ᠡᠭᠦᠳᠬᠦ ᠶᠢ ᠢᠷᠦᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠼᠠᠢ ᠴᠢ᠂ ᠸᠠᠩ ᠢ᠂ ᠾᠧ ᠯᠢ ᠹᠧᠩ᠂ ᠸᠠᠩ ᠰᠢᠶᠣᠣ ᠬᠤᠩ᠂ ᠱᠧᠨ ᠢ ᠴᠢᠨ ᠨᠠᠷ ᠠᠵᠢᠯᠯᠠᠭ᠎ᠠ ᠳᠤ ᠣᠷᠣᠯᠴᠠᠵᠠᠢ᠃
ᠤᠭᠲᠤᠬᠤ ᠲᠠᠶᠢᠯᠠᠯᠭ᠎ᠠ ᠡᠬᠢᠯᠡᠬᠦ ᠠᠴᠠ ᠡᠮᠦᠨ᠎ᠡ᠂ ᠬᠦᠨᠳᠦᠲᠦ ᠵᠣᠴᠢᠳ ᠬᠠᠷᠠᠮᠥ᠋ᠷᠡᠨ ᠤ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠦᠵᠡᠭᠦᠯᠭᠡ ᠶᠢ ᠰᠣᠨᠢᠷᠬᠠᠪᠠ᠃