ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠤᠨ ᠤᠭᠲᠤᠬᠤ ᠲᠠᠶᠢᠯᠠᠯᠭ᠎ᠠ ᠳᠡᠭᠡᠷᠡᠬᠢ ᠪᠠᠶᠠᠷ ᠤᠨ ᠦᠭᠡ
︵2025 ᠣᠨ ᠤ 2 ᠳ᠋ᠤᠭᠠᠷ ᠰᠠᠷ᠎ᠠ ᠶᠢᠨ 7 ᠤ ᠡᠳᠦᠷ᠂ ᠬᠠᠷᠪᠢᠨ ᠳᠤ︶
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠬᠦᠨᠳᠦᠲᠦ ᠬᠠᠮᠲᠤ ᠠᠵᠢᠯᠯᠠᠭᠰᠠᠳ ᠠ᠋᠂
ᠬᠦᠨᠳᠦᠲᠦ ᠲᠡᠷᠢᠭᠦᠯᠡᠭᠴᠢ ᠪᠠᠾᠧ᠂ ᠳᠡᠳ᠋ ᠲᠡᠷᠢᠭᠦᠯᠡᠭᠴᠢ ᠾᠥᠸᠧ ᠵᠧᠨ ᠲᠢᠩ᠂
ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄
ᠳᠤᠮᠳᠠᠳᠤ ᠤᠯᠤᠰ ᠤᠨ ᠠᠷᠠᠳ ᠲᠦᠮᠡᠨ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠵᠦ ᠪᠠᠶᠢᠭ᠎ᠠ ᠲᠠᠰᠢᠷᠠᠮ ᠳᠤ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠲᠡᠷᠡᠴᠢᠯᠡᠨ ᠮᠢᠨᠤ ᠪᠡᠶ᠎ᠡ ᠪᠣᠯᠣᠨ ᠮᠢᠨᠤ ᠬᠠᠳᠤᠨ ᠤ ᠨᠡᠷ᠎ᠡ ᠪᠠᠷ᠂ ᠬᠦᠷᠦᠯᠴᠡᠨ ᠢᠷᠡᠭᠰᠡᠨ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕ ᠣᠯᠠᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ︕
ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠡᠨᠡ ᠣᠷᠣᠢ ᠠᠰᠠᠭᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠴᠠ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠭᠦᠷᠳᠡᠯ᠎ᠠ᠂ ᠳᠤᠮᠳᠠᠳᠤ ᠤᠯᠤᠰ ᠤᠨ《ᠮᠥᠰᠥ ᠴᠠᠰᠤᠨ ᠤ ᠬᠠᠯᠠᠮᠰᠢᠯ》ᠪᠦᠭᠦ ᠤᠯᠤᠰ ᠲᠤ ᠲᠠᠷᠬᠠᠵᠤ᠂ ᠳᠡᠯᠡᠬᠡᠢ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠴᠤ ᠠᠮᠢᠵᠢᠷᠠᠯ ᠤᠨ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠤ ᠤᠷᠤᠯᠳᠤᠭᠠᠨ ᠳᠤ ᠣᠷᠤᠯᠴᠠᠬᠤ ᠤᠯᠤᠰ ᠪᠠ ᠭᠠᠵᠠᠷ ᠣᠷᠣᠨ ᠤ ᠲᠤᠭ᠎ᠠ᠂ ᠲᠠᠮᠢᠷᠴᠢᠳ ᠤᠨ ᠲᠤᠭ᠎ᠠ ᠴᠥᠮ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠪᠣᠯᠣᠨ ᠡᠯ᠎ᠡ ᠤᠯᠤᠰ ᠡᠯ᠎ᠡ ᠭᠠᠵᠠᠷ ᠣᠷᠣᠨ ᠤ ᠲᠥᠯᠥᠭᠡᠯᠡᠭᠴᠢᠳ ᠤᠨ ᠪᠦᠯᠭᠦᠮ ᠤᠨ ᠬᠠᠮᠲᠤ ᠶᠢᠨ ᠴᠢᠷᠮᠠᠶᠢᠯᠭ᠎ᠠ ᠪᠠᠷ᠂ ᠬᠠᠷᠪᠢᠨ ᠳᠡᠯᠡᠬᠡᠢ ᠳ᠋ᠠᠬᠢᠨ ᠳᠤ ᠨᠢᠭᠡ ᠬᠤᠭᠤᠴᠠᠭᠠᠨ ᠤ 《ᠳᠤᠮᠳᠠᠳᠤ ᠤᠯᠤᠰ ᠤᠨ ᠣᠨᠴᠠᠯᠢᠭ ᠲᠠᠢ᠂ ᠠᠽᠢᠶ᠎ᠠ ᠲᠢᠪ ᠤᠨ ᠬᠡᠪ ᠨᠠᠮᠪᠠ ᠲᠠᠢ᠂ ᠭᠤᠶᠢᠳᠠ ᠰᠠᠶᠢᠬᠠᠨ》ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠮᠥᠰᠥ ᠴᠠᠰᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ ᠢᠲᠡᠭᠡᠵᠦ ᠪᠠᠶᠢᠨ᠎ᠠ᠃
ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ 《ᠮᠥᠰᠥ ᠴᠠᠰᠤᠨ ᠤ ᠬᠠᠮᠲᠤ ᠶᠢᠨ ᠬᠦᠰᠡᠯ᠂ ᠠᠽᠢᠶ᠎ᠠ ᠲᠢᠪ ᠤᠨ ᠬᠠᠮᠲᠤ ᠶᠢᠨ ᠰᠡᠳᠬᠢᠯ》ᠭᠡᠬᠦ ᠭᠤᠣᠯ ᠰᠡᠳᠦᠪ ᠲᠠᠢ ᠪᠠᠶᠢᠵᠤ᠂ ᠠᠽᠢᠶ᠎ᠠ ᠲᠢᠪ ᠤᠨ ᠠᠷᠠᠳ ᠲᠦᠮᠡᠨ ᠤ ᠡᠩᠬᠡ ᠲᠠᠶᠢᠪᠤᠩ᠂ ᠬᠥᠭᠵᠢᠯᠲᠡ᠂ ᠨᠥᠬᠦᠷᠯᠡᠯ ᠤᠨ ᠲᠤᠬᠠᠢ ᠬᠠᠮᠲᠤ ᠶᠢᠨ ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢ ᠠᠴᠢᠶᠠᠯᠠᠪᠠ᠃
ᠪᠢᠳᠡ ᠠᠮᠤᠷ ᠲᠠᠶᠢᠪᠤᠩ ᠡᠶ᠎ᠡ ᠨᠠᠶᠢᠷᠠᠮᠳᠠᠭᠤ ᠬᠠᠮᠲᠤ ᠶᠢᠨ ᠬᠦᠰᠡᠯ ᠵᠡᠭᠦᠳᠦ ᠪᠠᠨ ᠪᠠᠲᠤ ᠰᠠᠬᠢᠶ᠎ᠠ᠃ ᠡᠩᠬᠡ ᠲᠠᠶᠢᠪᠤᠩ ᠪᠣᠯ ᠮᠥᠰᠥ ᠴᠠᠰᠤ ᠮᠡᠲᠦ ᠠᠷᠢᠭᠤᠨ ᠴᠡᠪᠡᠷ ᠪᠠᠶᠢᠳᠠᠭ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠪᠢᠳᠡ ᠡᠯ᠎ᠡ ᠲᠦᠷᠦᠯ ᠤᠨ ᠠᠮᠤᠷ ᠲᠦᠪᠰᠢᠨ ᠤ ᠰᠢᠯᠭᠠᠯᠲᠠ ᠶᠢ ᠭᠠᠷ ᠬᠤᠯᠪᠣᠨ ᠠᠷᠭᠠᠴᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠡ ᠳᠤ ᠠᠽᠢᠶ᠎ᠠ ᠲᠢᠪ ᠤᠨ ᠬᠦᠴᠦᠨ ᠴᠢᠳᠠᠯ ᠢᠶᠠᠨ ᠡᠷᠭᠦᠶ᠎ᠡ᠃
ᠪᠢᠳᠡ ᠴᠡᠴᠡᠭᠯᠡᠨ ᠬᠥᠭᠵᠢᠬᠦ ᠬᠠᠮᠲᠤ ᠶᠢᠨ ᠬᠥᠭᠡᠭᠡᠴᠡᠯᠳᠦᠯ ᠢ ᠪᠠᠷᠢᠮᠲᠠᠯᠠᠶ᠎ᠠ᠃ ᠮᠥᠰᠥ ᠴᠠᠰᠤᠨ ᠤ ᠬᠥᠳᠡᠯᠭᠡᠭᠡᠨ ᠤ ᠲᠠᠲᠠᠬᠤ ᠬᠦᠴᠦᠨ ᠤ ᠵᠠᠩᠭᠢᠯᠠᠭ᠎ᠠ ᠨᠢ ᠤᠷᠮᠠᠰ ᠰᠡᠳᠬᠢᠯᠭᠡ ᠪᠠ ᠬᠠᠮᠵᠢᠯᠴᠠᠭ᠎ᠠ ᠳᠤ ᠪᠠᠶᠢᠨ᠎ᠠ᠃ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ ᠨᠡᠮᠡᠷᠢᠯᠡᠶ᠎ᠡ᠃
ᠪᠢᠳᠠ ᠬᠠᠷᠢᠯᠴᠠᠨ ᠡᠯᠢᠭᠡᠰᠡᠭ ᠳᠣᠲᠣᠨᠣ ᠬᠠᠮᠲᠤ ᠶᠢᠨ ᠬᠦᠰᠡᠯ ᠢ ᠪᠡᠶᠡᠯᠡᠭᠦᠯᠦᠶ᠎ᠡ᠃ ᠪᠤᠳᠠᠷᠠᠨ ᠪᠠᠭᠤᠬᠤ ᠴᠠᠰᠤᠨ ᠯᠠᠪᠰᠠ ᠮᠢᠩᠭᠠᠨ ᠳᠦᠷᠰᠦ ᠵᠠᠭᠤᠨ ᠭᠡᠯᠪᠡᠷᠢ ᠲᠠᠢ᠂ ᠠᠳᠠᠯᠢ ᠪᠤᠰᠤ ᠪᠣᠯᠪᠠᠰᠤᠨ ᠴᠤ ᠥᠪᠡᠷ ᠥᠪᠡᠷ ᠤᠨ ᠬᠡᠪ ᠨᠠᠮᠪᠠ ᠲᠠᠢ᠃ ᠠᠽᠢᠶ᠎ᠠ ᠲᠢᠪ ᠪᠣᠯ ᠳᠡᠯᠡᠬᠡᠢ ᠶᠢᠨ ᠲᠠᠩᠰᠤᠭ ᠰᠠᠶᠢᠬᠠᠨ ᠪᠣᠯᠪᠠᠰᠤᠨ ᠤ ᠨᠡᠶᠢᠯᠡᠯ ᠭᠠᠵᠠᠷ ᠮᠥᠨ᠂ ᠪᠢᠳᠡ ᠥᠷᠥᠭᠡᠯ ᠢ ᠪᠠᠨ ᠬᠠᠷᠢᠯᠴᠠᠨ ᠪᠠᠭᠲᠠᠭᠠᠵᠤ ᠬᠠᠮᠲᠤ ᠪᠠᠷ ᠣᠷᠣᠰᠢᠬᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ᠃
ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕
ᠬᠠᠷᠪᠢᠨ ᠪᠣᠯ ᠳᠤᠮᠳᠠᠳᠤ ᠤᠯᠤᠰ ᠤᠨ ᠠᠯᠳᠠᠷᠲᠤ《ᠮᠥᠰᠥᠨ ᠬᠤᠲᠠ》ᠪᠠᠶᠢᠵᠤ᠂ ᠳᠤᠮᠳᠠᠳᠤ ᠤᠯᠤᠰ ᠤᠨ ᠣᠳᠣ ᠦᠶ᠎ᠡ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠭᠦᠰᠦᠯ ᠤᠨ ᠭᠠᠵᠠᠷ ᠪᠣᠯᠣᠨ᠎ᠠ᠃ ᠬᠠᠷᠪᠢᠨ ᠳᠤ ᠢᠷᠡᠭᠡᠳ᠂ ᠪᠢᠳᠡ《ᠮᠥᠰᠥᠲᠦ ᠭᠠᠵᠠᠷ ᠴᠠᠰᠤᠲᠤ ᠲᠠᠯ᠎ᠠ ᠴᠤ ᠠᠯᠲᠠᠨ ᠠᠭᠤᠯᠠ ᠮᠥᠩᠭᠦᠨ ᠬᠠᠶᠢᠷᠬᠠᠨ ᠮᠥᠨ》ᠭᠡᠳᠡᠭ ᠢ ᠦᠨᠡᠨ ᠬᠦ ᠮᠡᠳᠡᠷᠡᠵᠦ᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠠᠭ ᠬᠠᠷᠪᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠭᠠᠳᠠᠭᠠᠳᠤ ᠨᠡᠭᠡᠭᠡᠯᠲᠡ ᠶᠢᠨ ᠰᠢᠨ᠎ᠡ ᠬᠤᠯᠪᠣᠭᠠᠰᠤ ᠪᠣᠯᠵᠤ ᠪᠠᠶᠢᠨ᠎ᠠ᠃ ᠤᠯᠠᠨ ᠢᠶᠠᠷ ᠢᠶᠠᠨ ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠨᠡᠭᠡᠭᠡᠯᠲᠡᠲᠡᠢ ᠪᠠᠭᠲᠠᠭᠠᠮᠵᠢᠲᠠᠢ ᠬᠠᠷ᠎ᠠ ᠬᠥᠷᠥᠰᠥᠲᠦ ᠨᠤᠲᠤᠭ ᠢᠶᠠᠷ ᠵᠢᠭᠤᠯᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠ ᠮᠥᠷ ᠢ ᠡᠷᠢᠯᠬᠢᠯᠡᠬᠦ ᠶᠢ ᠪᠠᠶᠠᠷᠯᠠᠨ ᠤᠭᠲᠤᠵᠤ ᠪᠠᠶᠢᠨ᠎ᠠ᠃
ᠳᠤᠮᠳᠠᠳᠤ ᠤᠯᠤᠰ ᠰᠠᠶ᠋ᠢᠬᠠᠨ ᠪᠢᠯᠢᠭ ᠤᠨ ᠤᠯᠠᠷᠢᠯ ᠤᠨ ᠮᠣᠭᠠᠢ ᠵᠢᠯ ᠢᠶᠠᠨ ᠤᠭᠲᠤᠨ ᠠᠪᠤᠯ᠎ᠠ᠃ ᠮᠣᠭᠠᠢ ᠨᠢ ᠳᠤᠮᠳᠠᠳᠤ ᠤᠯᠤᠰ ᠤᠨ ᠤᠯᠠᠮᠵᠢᠯᠠᠯᠲᠤ ᠠᠷᠪᠠᠨ ᠬᠤᠶᠠᠷ ᠵᠢᠯ ᠤᠨ ᠳᠣᠲᠣᠷ᠎ᠠ ᠣᠶᠤᠨ ᠤᠬᠠᠭᠠᠨ ᠪᠠ ᠬᠤᠷᠴᠠ ᠰᠡᠷᠭᠡᠭ ᠢ ᠪᠡᠯᠭᠡᠳᠡᠵᠦ᠂ ᠮᠣᠭᠠᠢ ᠵᠢᠯ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠤᠯᠬᠤ ᠨᠢ ᠯᠠᠪᠲᠠᠢ᠃ ᠲᠠᠮᠢᠷᠴᠢᠳ ᠤᠨ ᠤᠷᠤᠯᠳᠤᠭᠠᠨ ᠤ ᠲᠠᠯᠠᠪᠤᠷ ᠲᠤ ᠬᠤᠷᠴᠠ ᠱᠠᠯᠠᠮᠠᠭᠠᠢ ᠪᠠᠶᠢᠵᠤ᠂ ᠰᠢᠯᠢᠳᠡᠭ ᠬᠢᠷᠢ ᠪᠦᠲᠦᠮᠵᠢ ᠶᠢ ᠵᠣᠷᠢᠭᠲᠠᠢ ᠪᠠᠷ ᠡᠭᠦᠳᠬᠦ ᠶᠢ ᠵᠥᠩᠨᠡᠵᠦ᠂ ᠪᠠᠰᠠ ᠣᠯᠠᠨ ᠤ ᠡᠨᠳᠡ ᠮᠠᠷᠲᠠᠭᠳᠠᠰᠢ ᠦᠭᠡᠢ ᠰᠠᠶᠢᠨ ᠰᠠᠶᠢᠬᠠᠨ ᠮᠥᠰᠥ ᠴᠠᠰᠤᠨ ᠤ ᠳᠤᠷᠠᠰᠤᠮᠵᠢ ᠦᠯᠡᠳᠡᠭᠡᠬᠦ ᠶᠢ ᠵᠥᠩᠨᠡᠵᠦ ᠪᠠᠶᠢᠨ᠎ᠠ᠃
ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠬᠤ ᠶᠢᠨ ᠲᠥᠯᠥᠭᠡ᠂
ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠨᠢᠭᠦᠨ ᠬᠥᠭᠵᠢᠯᠲᠡ ᠶᠢᠨ ᠲᠥᠯᠥᠭᠡ᠂
ᠠᠽᠢᠶ᠎ᠠ ᠲᠢᠪ ᠤᠨ ᠠᠷᠠᠳ ᠲᠦᠮᠡᠨ ᠤ ᠪᠦᠯᠬᠦᠮᠳᠡᠯ ᠪᠠ ᠨᠥᠬᠦᠷᠯᠡᠯ ᠤᠨ ᠲᠥᠯᠥᠭᠡ᠂
ᠡᠷᠬᠢᠮ ᠵᠣᠴᠢᠳ ᠪᠣᠯᠣᠨ ᠲᠠ ᠨᠠᠷ ᠤᠨ ᠭᠡᠷ ᠤᠨ ᠬᠥᠮᠥᠰ ᠤᠨ ᠡᠷᠡᠭᠦᠯ ᠮᠡᠨᠳᠦ ᠶᠢᠨ ᠲᠥᠯᠥᠭᠡ᠂ ᠤᠯᠠᠨ ᠢᠶᠠᠷ ᠢᠶᠠᠨ ᠬᠤᠨᠳᠠᠭ᠎ᠠ ᠪᠠᠨ ᠡᠷᠭᠦᠵᠡᠭᠡᠶ᠎ᠡ︕