ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠠᠷᠪᠢᠨ ᠳᠤ ᠦᠪᠡᠳᠡᠭᠰᠢ ᠶᠡᠭᠡ ᠪᠠᠷ ᠡᠬᠢᠯᠡᠪᠡ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠵᠠᠢ ᠼᠠᠢ ᠴᠢ ᠠᠽᠢᠶ᠎ᠠ ᠲᠢᠪ ᠤᠨ ᠡᠯ᠎ᠡ ᠭᠠᠵᠠᠷ ᠠᠴᠠ ᠢᠷᠡᠭᠰᠡᠨ ᠤᠳᠤᠷᠢᠳᠬᠤ ᠬᠥᠮᠥᠰ ᠪᠣᠯᠣᠨ ᠬᠦᠨᠳᠦᠲᠦ ᠵᠣᠴᠢᠳ ᠡᠭᠢᠯᠡᠯᠳᠠ ᠶᠢᠨ ᠶᠣᠰᠣᠯᠠᠯ ᠳᠤ ᠣᠷᠣᠯᠴᠠᠪᠠ
ᠰᠢᠨᠬᠤᠸᠠ ᠬᠤᠷᠢᠶ᠎ᠠ ᠶᠢᠨ ᠬᠠᠷᠪᠢᠨ ᠤ 2025 ᠣᠨ ᠤ 2 ᠳ᠋ᠤᠭᠠᠷ ᠰᠠᠷ᠎ᠠ ᠶᠢᠨ 7 ᠤ ᠴᠠᠭᠢᠯᠭᠠᠨ ᠮᠡᠳᠡᠭᠡ ᠮᠥᠰᠥ ᠴᠠᠰᠤᠨ ᠤ ᠬᠠᠮᠲᠤ ᠶᠢᠨ ᠬᠦᠰᠡᠯ ᠨᠢ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠠᠽᠢᠶ᠎ᠠ ᠲᠢᠪ ᠢᠶᠠᠷ ᠢᠶᠠᠨ ᠰᠡᠳᠬᠢᠯ ᠨᠢᠭᠡᠳᠦᠨ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ 7 ᠤ ᠡᠳᠦᠷ ᠦᠨ ᠣᠷᠣᠢ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠤᠯᠤᠰ ᠤᠨ ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃
ᠼᠠᠢ ᠴᠢ᠂ ᠠᠽᠢᠶ᠎ᠠ ᠲᠢᠪ ᠤᠨ ᠡᠯ᠎ᠡ ᠭᠠᠵᠠᠷ ᠠᠴᠠ ᠢᠷᠡᠭᠰᠡᠨ ᠤᠳᠤᠷᠢᠳᠬᠤ ᠬᠥᠮᠥᠰ ᠪᠣᠯᠣᠨ ᠬᠦᠨᠳᠦᠲᠦ ᠵᠣᠴᠢᠳ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃
ᠰᠥᠨᠢ ᠶᠢᠨ ᠬᠥᠰᠢᠭᠡᠨ ᠳᠣᠣᠷ᠎ᠠ᠂ ᠬᠠᠷᠪᠢᠨ ᠤ ᠤᠯᠠᠨ ᠤᠯᠤᠰ ᠤᠨ ᠬᠤᠷᠠᠯ ᠦᠵᠡᠰᠭᠦᠯᠡᠩ ᠪᠡᠶ᠎ᠡ ᠶᠢᠨ ᠲᠠᠮᠢᠷ ᠤᠨ ᠲᠥᠪ ᠲᠤ ᠥᠩᠭᠡᠲᠦ ᠳ᠋ᠧᠩ ᠳᠤᠸᠠᠯᠠᠨ ᠭᠡᠷᠡᠯᠲᠦᠨ᠎ᠡ᠃ ᠡᠭᠢᠯᠡᠯᠲᠡ ᠶᠢᠨ ᠶᠣᠰᠣᠯᠠᠯ ᠠᠴᠠ ᠡᠮᠦᠨ᠎ᠡ ᠬᠠᠷᠠᠮᠥ᠋ᠷᠡᠨ ᠤ ᠡᠯ᠎ᠡ ᠭᠠᠵᠠᠷ ᠠᠴᠠ ᠢᠷᠡᠭᠰᠡᠨ ᠤᠯᠠᠨ ᠲᠦᠮᠡᠨ ᠭᠠᠵᠠᠷ ᠣᠷᠣᠨ ᠤ ᠣᠨᠴᠠᠯᠢᠭ ᠲᠠᠢ ᠲᠣᠬᠯᠠᠯᠲᠠ ᠭᠠᠷᠭᠠᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃
19 ᠴᠠᠭ 58 ᠲᠤ᠂《ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ》 ᠭᠡᠬᠦ ᠠᠶᠠᠰ ᠤᠨ ᠳᠤᠮᠳᠠ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ᠂ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠨᠠᠷ ᠲᠠᠢ ᠬᠠᠮᠲᠤ ᠪᠠᠷ ᠲᠡᠷᠢᠭᠦᠯᠡᠭᠴᠢᠳ ᠤᠨ ᠲᠠᠶᠢᠰᠠᠨ ᠳᠤ ᠭᠠᠷᠴᠤ᠂ ᠦᠵᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠪᠡ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃
《ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ》ᠭᠡᠬᠦ ᠭᠦᠨ ᠰᠡᠳᠬᠢᠯᠭᠡ ᠲᠠᠢ ᠠᠶᠠᠰ ᠤᠨ ᠳᠤᠮᠳᠠ 8 ᠶᠣᠰᠣᠯᠠᠯ ᠤᠨ ᠴᠡᠷᠢᠭ ᠢᠳᠡᠷᠡᠭᠦᠨ ᠠᠯᠬᠤᠭ᠎ᠠ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠢ ᠬᠠᠮᠠᠭᠠᠯᠠᠨ ᠠᠬᠤᠢ ᠲᠠᠯᠠᠪᠠᠶ ᠳᠤ ᠣᠷᠣᠪᠠ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠨ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃
ᠲᠣᠮᠣ ᠳᠡᠭᠡᠷ᠎ᠡ《ᠭᠡᠷᠡᠯ ᠰᠠᠴᠤᠷᠠᠩᠭᠤᠢ ᠴᠠᠭ ᠮᠥᠴᠡ》ᠭᠡᠬᠦ ᠣᠬᠤᠷ ᠹᠢᠯᠢᠮ ᠢ ᠨᠠᠪᠲᠠᠷᠡᠭᠦᠯᠵᠦ᠂ ᠴᠠᠭᠠᠨ ᠰᠠᠷ᠎ᠠ ᠶᠢᠨ ᠬᠤᠪᠴᠠᠰᠤ ᠵᠠᠰᠠᠯ ᠢᠶᠠᠷ ᠭᠤᠶᠣᠯᠠᠭᠰᠠᠨ ᠬᠡᠦᠬᠡᠳ ᠭᠠᠷ ᠲᠠᠭᠠᠨ ᠮᠥᠰᠥᠨ ᠳ᠋ᠧᠩ ᠪᠠᠷᠢᠵᠤ᠂ ᠬᠠᠷᠪᠢᠨ ᠤ ᠬᠤᠲᠠ ᠶᠢᠨ ᠢᠯᠡᠷᠬᠡᠶᠢᠯᠡᠯ ᠲᠡᠮᠳᠡᠭ ᠢ ᠭᠡᠷᠡᠯᠲᠦᠭᠦᠯᠪᠡ᠃ ᠳᠠᠷᠠᠭ᠎ᠠ ᠨᠢ ᠵᠣᠴᠢᠨ ᠤᠭᠲᠤᠬᠤ ᠲᠣᠬᠯᠠᠯᠲᠠ 《ᠮᠥᠰᠥᠨ ᠳ᠋ᠧᠩ ᠬᠦᠰᠡᠯ ᠵᠡᠭᠦᠳᠦ ᠶᠢᠨ ᠬᠥᠭᠡᠭᠡᠴᠡᠯᠳᠦᠯ》ᠡᠬᠢᠯᠡᠵᠦ᠂ ᠮᠥᠰᠥᠨ ᠬᠠᠯᠢᠶ᠎ᠠ ᠶᠢᠨ ᠭᠠᠷ ᠠᠯᠴᠢᠭᠤᠷ ᠡᠷᠬᠢᠯᠡᠭᠴᠢ ᠤᠯᠤᠰ ᠤᠨ ᠨᠠᠢᠮᠠᠨ ᠵᠦᠭ ᠤᠨ ᠵᠣᠴᠢᠳ ᠢᠶᠠᠨ ᠪᠠᠶᠠᠷᠯᠠᠨ ᠤᠭᠲᠤᠬᠤ ᠬᠠᠯᠠᠭᠤᠨ ᠰᠡᠳᠬᠢᠯᠭᠡ ᠶᠢ ᠳᠠᠮᠵᠢᠭᠤᠯᠪᠠ᠃
20 ᠴᠠᠭ 08 ᠲᠤ᠂ ᠲᠠᠮᠢᠷᠴᠢᠳ ᠤᠨ ᠲᠠᠯᠠᠪᠠᠢ ᠳᠤ ᠣᠷᠣᠬᠤ ᠶᠣᠰᠣᠯᠠᠯ ᠡᠬᠢᠯᠡᠪᠡ᠃《ᠮᠥᠰᠥ ᠴᠠᠰᠤᠨ ᠤ ᠠᠽᠢᠶ᠎ᠠ》 ᠶᠢᠨ ᠪᠠᠶᠠᠰᠬᠤᠯᠠᠩᠲᠤ ᠠᠶᠠᠰ ᠤᠨ ᠳᠤᠮᠳᠠ᠂ 34 ᠤᠯᠤᠰ ᠪᠠ ᠭᠠᠵᠠᠷ ᠣᠷᠣᠨ ᠠᠴᠠ ᠢᠷᠡᠭᠰᠡᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠵᠠᠯᠭᠠᠭ᠎ᠠ ᠪᠠᠷ ᠲᠠᠯᠠᠪᠠᠢ ᠳᠤ ᠣᠷᠣᠵᠤ᠂ ᠪᠦᠭᠦ ᠲᠠᠯᠠᠪᠠᠢ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃《ᠡᠬᠡ ᠤᠯᠤᠰ ᠢᠶᠠᠨ ᠮᠠᠭᠲᠠᠨ ᠳᠠᠭᠤᠯᠠᠶ᠎ᠠ》 ᠭᠡᠬᠦ ᠰᠦᠷ ᠵᠢᠪᠬᠤᠭᠠᠲᠤ ᠭᠦᠭ ᠠᠶᠠᠰ ᠴᠤᠤᠷᠢᠶᠠᠲᠤᠵᠤ᠂ ᠡᠷᠬᠢᠯᠡᠭᠴᠢ ᠤᠯᠤᠰ ᠪᠤᠯᠬᠤ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠬᠠᠮᠤᠭ ᠤᠨ ᠰᠡᠭᠦᠯ ᠳᠤ ᠲᠠᠯᠠᠪᠠᠢ ᠳᠤ ᠣᠷᠣᠵᠤ ᠢᠷᠡᠬᠦ ᠳᠤ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠣᠰᠴᠤ ᠵᠣᠭᠰᠣᠨ ᠭᠠᠷ ᠳᠠᠯᠠᠯᠤᠨ ᠮᠡᠨᠳᠦᠴᠢᠯᠡᠬᠦ ᠳᠤ ᠲᠠᠯᠠᠪᠠᠢ ᠳᠠᠶᠠᠭᠠᠷ ᠪᠠᠶᠠᠷ ᠭᠦᠷ ᠢᠶᠠᠷ ᠪᠢᠯᠬᠠᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠠ ᠦᠭᠡᠢ ᠲᠤᠭᠤᠯᠳᠠᠨ᠎ᠠ᠃ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠨᠡᠶᠢᠳᠡ 257 ᠬᠥᠮᠥᠨ ᠪᠤᠢ᠂ ᠡᠭᠦᠨ ᠳᠤ ᠤᠷᠤᠯᠳᠤᠭᠠᠨ ᠳᠤ ᠣᠷᠤᠯᠴᠠᠬᠤ ᠲᠠᠮᠢᠷᠴᠢᠨ 170 ᠬᠥᠮᠥᠨ ᠪᠠᠶᠢᠵᠤ᠂ ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ 6 ᠶᠡᠭᠡ ᠲᠦᠷᠦᠯ᠂ 64 ᠪᠠᠭ᠎ᠠ ᠲᠦᠷᠦᠯ ᠤᠨ ᠤᠷᠤᠯᠳᠤᠭᠠᠨ ᠳᠤ ᠣᠷᠤᠯᠴᠠᠬᠤ ᠪᠣᠯᠣᠨ᠎ᠠ᠃
ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠡᠷᠢᠭᠦᠯᠡᠭᠴᠢ᠂ ᠬᠠᠷᠠᠮᠥ᠋ᠷᠡᠨ ᠮᠤᠵᠢ ᠶᠢᠨ ᠳᠠᠷᠤᠭ᠎ᠠ ᠯᠢᠶᠠᠩ ᠡᠾᠦ᠋ᠢ ᠯᠢᠩ ᠪᠠᠶᠠᠷ ᠤᠨ ᠦᠭᠡ ᠳᠡᠭᠡᠨ ᠵᠣᠬᠢᠶᠠᠨ ᠪᠠᠶᠢᠭᠤᠯᠬᠤ ᠺᠣᠮᠢᠰ ᠪᠣᠯᠣᠨ 3000 ᠲᠦᠮᠡ ᠭᠠᠷᠤᠢ ᠬᠠᠷᠠᠮᠥ᠋ᠷᠡᠨ ᠤ ᠠᠷᠠᠳ ᠲᠦᠮᠡᠨ ᠢ ᠲᠥᠯᠥᠭᠡᠯᠡᠵᠦ᠂ ᠠᠽᠢᠶ᠎ᠠ ᠲᠢᠪ ᠤᠨ ᠡᠯ᠎ᠡ ᠤᠯᠤᠰ ᠪᠣᠯᠣᠨ ᠭᠠᠵᠠᠷ ᠣᠷᠣᠨ ᠠᠴᠠ ᠢᠷᠡᠭᠰᠡᠨ ᠲᠠᠮᠢᠷᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠲᠡᠳᠡᠨ ᠤ ᠤᠷᠤᠯᠳᠤᠭᠠᠨ ᠤ ᠲᠠᠯᠠᠪᠤᠷ ᠲᠤ ᠥᠪᠡᠷ ᠢ ᠪᠠᠨ ᠳᠠᠪᠠᠵᠤ᠂ ᠴᠤᠭ ᠵᠢᠪᠬᠤᠭ᠎ᠠ ᠪᠠᠨ ᠢᠯᠡᠷᠡᠭᠦᠯᠵᠦ᠂ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠨᠥᠬᠦᠷᠯᠡᠯ ᠢᠶᠠᠨ ᠵᠤᠵᠠᠭᠠᠳᠬᠠᠬᠤ ᠶᠢ ᠵᠥᠩᠨᠡᠪᠡ᠃
ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠭᠤᠤ ᡁᠢ ᠳ᠋ᠠᠨ ᠪᠠᠶᠠᠷ ᠤᠨ ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠨᠢᠭᠡ ᠬᠤᠭᠤᠴᠠᠭᠠᠨ ᠤ ᠭᠤᠶᠢᠳᠠ ᠰᠠᠶᠢᠬᠠᠨ ᠠᠽᠢᠶ᠎ᠠ ᠲᠢᠪ ᠤᠨ ᠡᠪᠦᠯ ᠤᠨ ᠤᠯᠠᠷᠢᠯ ᠤᠨ ᠦᠪᠡᠳᠡᠭᠰᠢ ᠴᠤᠭᠯᠠᠭᠠᠨ ᠤᠳᠠᠯ ᠦᠭᠡᠢ ᠡᠬᠢᠯᠡᠬᠦ ᠪᠣᠯᠣᠯ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠭ ᠲᠦᠮᠡᠨ ᠳᠦᠷᠰᠦ ᠪᠠᠶᠢᠳᠠᠯ ᠢ ᠪᠠᠶᠠᠷᠲᠠᠢ ᠬᠤᠪᠢᠶᠠᠯᠴᠠᠵᠤ᠂ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠰᠢᠨ᠎ᠡ ᠭᠡᠷᠡᠯ ᠰᠠᠴᠤᠷᠠᠩᠭᠤᠢ ᠰᠦᠷᠯᠢᠭ ᠰᠠᠶᠢᠬᠠᠨ ᠬᠠᠭᠤᠳᠠᠰᠤ ᠶᠢ ᠰᠡᠳᠬᠢᠯ ᠨᠢᠭᠡᠳᠦᠨ ᠵᠢᠷᠤᠭᠯᠠᠵᠤ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠢᠷᠠᠭᠤ ᠰᠠᠶᠢᠬᠠᠨ ᠠᠶᠠᠰ ᠢ ᠬᠦᠴᠦ ᠬᠠᠮᠲᠤᠳᠬᠠᠨ ᠴᠤᠤᠷᠢᠶᠠᠲᠤᠭᠤᠯᠤᠶ᠎ᠠ ᠭᠡᠵᠦ ᠢᠯᠡᠳᠬᠡᠪᠡ᠃
ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠪᠠᠶᠠᠷ ᠤᠨ ᠦᠭᠡ ᠳᠡᠭᠡᠨ ᠳᠤᠮᠳᠠᠳᠤ ᠤᠯᠤᠰ ᠤᠨ ᠠᠽᠢᠶ᠎ᠠ ᠲᠢᠪ ᠤᠨ ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠢ ᠨᠤᠲᠠᠯᠠᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ᠂ ᠬᠠᠷᠠᠮᠥ᠋ᠷᠡᠨ ᠮᠤᠵᠢ ᠶᠢᠨ ᠵᠠᠰᠠᠭ ᠤᠨ ᠣᠷᠳᠣᠨ᠂ ᠬᠠᠷᠪᠢᠨ ᠬᠤᠳᠠ ᠶᠢᠨ ᠵᠠᠰᠠᠭ ᠤᠨ ᠣᠷᠳᠣᠨ ᠵᠢᠴᠢ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠨᠠᠷᠢᠨ ᠨᠢᠮᠪᠠᠢ ᠪᠡᠯᠡᠳᠬᠡᠯ ᠪᠠ ᠪᠦᠯᠬᠦᠮᠳᠡᠯ ᠬᠠᠮᠲᠤᠷᠠᠯᠴᠠᠭ᠎ᠠ ᠵᠢᠴᠢ ᠲᠠᠮᠢᠷᠴᠢᠳ᠂ ᠦᠵᠡᠭᠴᠢᠳ ᠪᠣᠯᠣᠨ ᠠᠵᠢᠯᠲᠠᠳ ᠤᠨ ᠳᠡᠮᠵᠢᠯᠭᠡ ᠳᠤ ᠲᠠᠯᠠᠷᠬᠠᠵᠤ᠂ ᠬᠠᠷᠪᠢᠨ ᠪᠣᠯ ᠵᠡᠭᠦᠳᠦ ᠵᠡᠷᠭᠡᠯᠭᠡᠨ ᠮᠡᠲᠦ ᠮᠥᠰᠥ ᠴᠠᠰᠤᠨ ᠤ ᠲᠥᠪ ᠬᠤᠲᠠ ᠪᠣᠯᠣᠨ᠎ᠠ ᠭᠡᠵᠦ ᠮᠠᠭᠲᠠᠨ ᠰᠠᠶᠢᠰᠢᠶᠠᠪᠠ᠃
20 ᠴᠠᠭ 51 ᠲᠤ᠂ ᠡᠭᠢᠯᠡᠯᠲᠡ ᠶᠢᠨ ᠶᠣᠰᠣᠯᠠᠯ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠨᠢᠭᠡ ᠮᠥᠴᠡ ᠶᠢ ᠤᠭᠲᠤᠨ ᠠᠪᠤᠯ᠎ᠠ᠃ ᠤᠯᠤᠰ ᠤᠨ ᠲᠡᠷᠢᠭᠦᠯᠡᠭᠴᠢ ᠰᠢ ᠶᠢᠨ ᠫᠢᠩ᠄ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠯ᠎ᠡ︕ ᠭᠡᠵᠦ ᠵᠠᠷᠯᠠᠪᠠ᠃ ᠲᠡᠷᠡᠬᠡᠨ ᠵᠠᠭᠤᠷ᠎ᠠ ᠲᠠᠯᠠᠪᠠᠢ ᠳᠠᠶᠠᠭᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠥᠩᠭᠡ ᠢᠯᠭᠠᠷᠠᠮ᠎ᠠ ᠬᠤᠸᠠᠷ ᠫᠤᠤᠵᠢᠩ ᠰᠥᠨᠢ ᠶᠢᠨ ᠣᠭᠲᠠᠷᠭᠤᠢ ᠶᠢ ᠭᠡᠷᠡᠯᠳᠦᠭᠦᠯᠪᠠ᠃
ᠮᠠᠨ ᠤ ᠤᠯᠤᠰ ᠤᠨ 6 ᠰᠢᠯᠢᠳᠡᠭ ᠲᠠᠮᠢᠷᠴᠢᠨ ᠤ ᠲᠥᠯᠥᠭᠡᠯᠡᠭᠴᠢ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠤᠭ ᠢ ᠪᠠᠷᠢᠨ ᠲᠠᠯᠠᠪᠠᠶ ᠳᠤ ᠣᠷᠣᠪᠠ᠃ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠭᠤᠤ ᠶᠢᠨ ᠳᠤᠮᠳᠠ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠤᠭ ᠠᠯᠭᠤᠷ ᠮᠠᠨᠳᠤᠵᠤ᠂ ᠲᠠᠪᠤᠨ ᠣᠳᠣᠲᠤ ᠤᠯᠠᠭᠠᠨ ᠲᠤᠭ ᠲᠠᠢ ᠬᠠᠮᠲᠤ ᠥᠨᠳᠥᠷ ᠲᠤ ᠨᠠᠮᠢᠷᠠᠨ᠎ᠠ᠃
ᠲᠠᠮᠢᠷᠴᠢᠨ ᠨᠢᠩ ᠵᠦᠩ ᠶᠠᠨ ᠪᠣᠯᠣᠨ ᠼᠠᠢ ᠰᠢᠤᠸᠠᠢ ᠲᠦᠩ᠂ ᠬᠢᠨᠠᠭᠴᠢ ᠵᠠᠩ ᠴᠦᠨ ᠡᠾᠦ᠋ᠢ ᠪᠣᠯᠣᠨ ᠴᠧᠨ ᠸᠧᠨ ᠬᠤᠩ ᠲᠤᠰ ᠲᠤᠰ ᠪᠦᠭᠦ ᠤᠷᠤᠯᠳᠤᠭᠠᠨ ᠳᠤ ᠣᠷᠤᠯᠴᠠᠬᠤ ᠲᠠᠮᠢᠷᠴᠢᠨ ᠪᠣᠯᠣᠨ ᠬᠢᠨᠠᠭᠴᠢ ᠶᠢ ᠲᠥᠯᠥᠭᠡᠯᠡᠨ ᠲᠠᠩᠭᠠᠷᠢᠭᠯᠠᠪᠠ᠃
ᠳᠠᠷᠠᠭ᠎ᠠ ᠨᠢ ᠲᠣᠮᠣ ᠳᠡᠯᠭᠡᠴᠡ ᠳᠡᠭᠡᠷ᠎ᠡ ᠲᠠᠯᠪᠢᠭᠰᠠᠨ《ᠴᠤᠭ ᠪᠠᠳᠠᠷᠠᠩᠭᠤᠢ ᠡᠪᠦᠯ》ᠭᠡᠬᠦ ᠣᠬᠤᠷ ᠹᠢᠯᠢᠮ ᠪᠦᠭᠦ ᠲᠠᠯᠠᠪᠠᠶ ᠶᠢᠨ ᠠᠩᠬᠠᠷᠤᠯ ᠢ ᠲᠠᠲᠠᠪᠠ ᠄ ᠮᠥᠰᠥ ᠴᠠᠰᠤ ᠪᠠᠷ ᠪᠠᠶᠠᠰᠤᠯ ᠪᠤᠯᠭᠠᠬᠰᠠᠨ ᠬᠠᠷᠪᠢᠨ ᠤ ᠬᠥᠮᠥᠰ᠂ 《ᠬᠤᠣᠰ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠲᠠ》 ᠶᠢᠨ ᠬᠠᠯᠠᠭᠤᠨ ᠰᠡᠳᠬᠢᠯᠭᠡ ᠶᠢ ᠢᠯᠡᠷᠡᠭᠦᠯᠪᠡ᠃
ᠤᠷᠠᠨ ᠰᠠᠶᠢᠬᠠᠨ ᠤ ᠲᠣᠬᠯᠠᠯᠲᠠ ᠡᠬᠢᠯᠡᠪᠡ᠂ ᠲᠣᠬᠯᠠᠯᠲᠠ ᠶᠢ ᠳᠡᠭᠡᠳᠦ ᠳᠤᠮᠳᠠ ᠳᠣᠣᠷᠠᠳᠤ ᠭᠤᠷᠪᠠᠨ ᠪᠦᠯᠦᠭ ᠬᠤᠪᠢᠶᠠᠵᠠᠢ᠃ ᠳᠡᠭᠡᠳᠦ ᠪᠦᠯᠦᠭ《ᠭᠠᠯ ᠬᠠᠯᠠᠭᠤᠨ ᠮᠥᠰᠥ ᠴᠠᠰᠤ》ᠨᠢ ᠬᠠᠩᠭᠢᠨᠠᠮ᠎ᠠ ᠪᠦᠷᠢᠶ᠎ᠡ ᠶᠢᠨ ᠳᠤᠮᠳᠠ ᠡᠬᠢᠯᠡᠵᠦ᠂ ᠮᠥᠰᠥ ᠲᠡᠭᠦᠭᠰᠡᠨ ᠡᠷᠡᠴᠦᠳ ᠴᠠᠷᠢᠯ ᠠᠳᠬᠤᠵᠤ᠂ ᠮᠥᠰᠥ ᠭᠢᠰᠬᠢᠯᠡᠨ ᠪᠥᠵᠢᠭᠯᠡᠵᠦ᠂ ᠮᠥᠰᠥ ᠰᠠᠴᠤᠭᠳᠠᠨ᠂ ᠤᠯᠠᠭᠠᠨ ᠳᠤᠷᠳᠤᠩ ᠨᠠᠮᠢᠷᠠᠵᠤ᠂ ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ《ᠳᠠᠪᠠᠯᠲᠠ》 ᠳᠤ ᠭᠦᠭ ᠨᠡᠮᠡᠵᠦ᠂ ᠪᠠᠯᠧᠲ ᠪᠥᠵᠢᠭᠴᠢᠳ ᠮᠥᠰᠥ ᠴᠠᠰᠤᠨ ᠤ ᠳᠤᠮᠳᠠ ᠳᠡᠪᠬᠡᠷᠦᠨ ᠪᠥᠵᠢᠭᠯᠡᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠵᠢᠷᠤᠭᠯᠠᠪᠠ᠃ ᠳᠤᠮᠳᠠ ᠪᠦᠯᠦᠭ《ᠳᠦᠷᠡᠯᠵᠡᠭᠰᠡᠨ ᠬᠤᠷᠳᠤ》 ᠳᠤ᠂ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ ᠲᠠᠮᠢᠷᠴᠢᠳ ᠤᠨ ᠭᠠᠯᠪᠢᠷ ᠲᠥᠷᠬᠦ ᠬᠥᠰᠢᠭᠡᠨ ᠳᠡᠭᠡᠷ᠎ᠡ ᠭᠢᠯᠠᠯᠵᠠᠨ ᠢᠯᠡᠷᠡᠵᠦ᠂ ᠮᠥᠰᠥ ᠴᠠᠰᠤ ᠶᠢ ᠡᠷᠬᠡᠰᠢᠶᠡᠬᠦ ᠰᠦᠷ ᠵᠢᠪᠬᠤᠭ᠎ᠠ ᠪᠠᠨ ᠪᠠᠳᠠᠷᠠᠭᠤᠯᠵᠤ᠂ ᠪᠠᠶᠠᠷ ᠪᠠᠶᠠᠰᠬᠤᠯᠠᠩᠲᠤ ᠬᠥᠮᠥᠰ ᠬᠠᠮᠲᠤ ᠪᠠᠷ ᠪᠥᠵᠢᠭᠯᠡᠵᠦ᠂ ᠪᠣᠷᠣᠭᠵᠢᠭᠤᠨ ᠬᠥᠭᠡᠷᠦᠬᠦᠨ《ᠲᠣᠮᠣ ᠴᠠᠰᠤᠨ ᠬᠥᠮᠥᠨ》 ᠲᠠᠯᠠᠪᠠᠢ ᠳᠤᠮᠳᠠ ᠢᠯᠡᠷᠡᠵᠦ᠂ ᠮᠥᠰᠥᠨ ᠬᠤᠳᠠ ᠶᠢᠨ ᠪᠠᠶᠠᠷᠲᠤ ᠮᠥᠴᠡ ᠶᠢ ᠬᠠᠮᠲᠤ ᠬᠤᠪᠢᠶᠠᠯᠴᠠᠪᠠ᠃ ᠳᠣᠣᠷᠠᠳᠤ ᠪᠦᠯᠦᠭ《ᠦᠵᠡᠰᠬᠦᠯᠡᠩᠲᠦ ᠰᠠᠶᠢᠬᠠᠨ ᠠᠭᠤᠯᠠ ᠤᠰᠤ》 ᠳᠤ᠂ ᠪᠥᠵᠢᠭᠴᠢᠨ ᠠᠽᠢᠶ᠎ᠠ ᠲᠢᠪ ᠤᠨ ᠣᠨᠴᠠᠯᠢᠭ ᠲᠠᠢ ᠬᠤᠪᠴᠠᠰᠤ ᠵᠠᠰᠠᠯ ᠢᠶᠠᠨ ᠡᠮᠦᠰᠴᠦ᠂ ᠬᠠᠯᠠᠭᠤᠮᠰᠤᠭ ᠰᠡᠳᠬᠢᠯᠭᠡ ᠲᠠᠢ ᠭᠤᠶᠢᠳᠠ ᠪᠥᠵᠢᠭ ᠢᠶᠠᠷ ᠥᠪᠡᠷ ᠥᠪᠡᠷ ᠤᠨ ᠭᠤᠸ᠎ᠠ ᠰᠠᠶᠢᠬᠠᠨ ᠢᠶᠠᠨ ᠬᠠᠷᠠᠭᠤᠯᠵᠤ᠂ ᠭᠤᠸᠠᠯᠢᠭ ᠰᠠᠶᠢᠬᠠᠨ ᠢᠶᠠᠨ ᠬᠠᠮᠲᠤᠳᠬᠠᠭᠰᠠᠨ ᠠᠮᠢᠳᠤᠯᠢᠭ ᠵᠢᠷᠤᠭ ᠳᠦᠷᠰᠦ ᠶᠢ ᠳᠡᠯᠭᠡᠨ ᠦᠵᠡᠭᠦᠯᠵᠦ᠂ ᠥᠪᠡᠷᠮᠢᠴᠡ ᠣᠨᠴᠠᠯᠢᠭ ᠪᠦᠬᠦᠢ《ᠨᠠᠷᠠᠪᠴᠢ ᠶᠢᠨ ᠳᠠᠭᠤᠤ ᠬᠥᠭᠵᠢᠮ ᠤᠨ ᠦᠳᠡᠰᠢᠯᠡᠭᠡ》 ᠨᠢ ᠲᠠᠶᠢᠰᠠᠨ ᠤ ᠲᠠᠪᠴᠠᠩ ᠠᠴᠠ ᠦᠵᠡᠭᠴᠢᠳ ᠤᠨ ᠰᠠᠭᠤᠳᠠᠯ ᠭᠦᠷᠲᠡᠯ᠎ᠡ ᠦᠷᠭᠦᠯᠵᠢᠯᠡᠵᠦ᠂ ᠴᠣᠭᠯᠢᠭ ᠨᠣᠲ ᠠᠶᠠᠰ ᠨᠢ ᠬᠤᠪᠢ ᠵᠠᠶᠠᠭ᠎ᠠ ᠨᠢᠭᠡᠲᠡᠢ᠂ ᠠᠽᠢᠶ᠎ᠠ ᠲᠢᠪ ᠤᠨ ᠭᠡᠷ ᠪᠦᠯᠢ ᠶᠢᠨ ᠬᠢᠨ ᠤ ᠰᠡᠳᠬᠢᠯ ᠤᠨ ᠬᠥᠪᠴᠢ ᠶᠢ ᠴᠢᠪᠬᠠᠳᠠᠪᠠ᠃
21 ᠴᠠᠭ 24 ᠮᠢᠨᠦ᠋ᠲ ᠲᠤ᠂ ᠭᠤᠣᠯ ᠭᠠᠯ ᠪᠠᠮᠪᠠᠷ ᠢ ᠨᠣᠴᠣᠭᠠᠬᠤ ᠶᠣᠰᠣᠯᠠᠯ ᠡᠬᠢᠯᠡᠪᠡ᠃ ᠲᠣᠮᠣ ᠳᠡᠯᠭᠡᠴᠡ ᠪᠠᠷ ᠲᠠᠮᠵᠢᠨ ᠲᠤᠬᠠᠢ ᠶᠢᠨ ᠲᠠᠯᠠᠪᠠᠢ ᠳᠤ ᠬᠠᠷᠪᠢᠨ ᠤ ᠮᠥᠰᠥ ᠴᠠᠰᠤᠨ ᠤ ᠶᠢᠷᠲᠢᠨᠴᠦ ᠶᠢᠨ ᠬᠤᠪᠢᠶᠠᠷᠢ ᠲᠠᠯᠠᠪᠠᠢ ᠲᠠᠢ ᠨᠡᠪᠲᠡᠷᠡᠯᠴᠡᠵᠦ᠂ ᠶᠠᠩ ᠶᠠᠩ᠂ ᠬᠠᠨ ᠰᠢᠶᠣᠣ ᠫᠧᠩ᠂ ᠸᠠᠩ ᠵᠧᠨ᠂ ᠵᠠᠩ ᠬᠤᠩ ᠵᠡᠷᠭᠡ 4 ᠭᠠᠯ ᠪᠠᠮᠪᠠᠷᠴᠢᠨ ᠪᠤᠤᠬᠢᠶ᠎ᠠ ᠳᠠᠮᠵᠢᠭᠤᠯᠤᠨ ᠪᠦᠭᠦ ᠲᠠᠯᠠᠪᠠᠢ ᠶᠢᠨ ᠬᠥᠮᠥᠰ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠮᠥᠰᠥᠨ ᠳ᠋ᠧᠩ ᠪᠠᠷᠢᠵᠤ ᠶᠠᠪᠤᠭ᠎ᠠ ᠬᠡᠦᠬᠡᠳ ᠭᠠᠯ ᠪᠠᠮᠪᠠᠷᠴᠢᠳ ᠲᠠᠢ ᠭᠠᠷ ᠬᠤᠯᠪᠣᠨ ᠤᠷᠤᠭᠰᠢᠯᠠᠵᠤ᠂ ᠭᠤᠣᠯ ᠭᠠᠯ ᠪᠠᠮᠪᠠᠷ ᠤᠨ ᠰᠤᠪᠤᠷᠭ᠎ᠠ ᠶᠢᠨ ᠭᠠᠯ ᠪᠠᠮᠪᠠᠷ ᠢ ᠬᠠᠮᠲᠤ ᠪᠠᠷ ᠠᠰᠠᠭᠠᠵᠤ᠂《ᠴᠠᠰᠤᠨ ᠡᠭᠡᠰᠢᠭᠲᠦ ᠭᠤᠣᠯᠲᠤ ᠪᠣᠷᠣ》 ᠭᠡᠷᠡᠯ ᠰᠠᠴᠤᠷᠠᠨ᠂ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠳᠦᠷᠡᠯᠵᠡᠨ ᠨᠣᠴᠣᠪᠠ᠃
ᠳᠠᠶᠠᠭᠠᠷ ᠢᠶᠠᠨ《ᠠᠽᠢᠶ᠎ᠠ ᠲᠢᠪ ᠢ ᠭᠡᠶᠢᠭᠦᠯᠦᠶ᠎ᠡ》ᠭᠡᠬᠦ ᠭᠤᠣᠯ ᠰᠡᠳᠦᠪᠲᠦ ᠳᠠᠭᠤᠤ ᠶᠢ ᠳᠠᠭᠤᠯᠠᠵᠤ᠂ ᠪᠦᠭᠦᠶᠢᠯᠡ ᠲᠠᠯᠠᠪᠠᠶ ᠣᠷᠳᠣᠨ ᠢ ᠪᠠᠶᠠᠷ ᠪᠠᠶᠠᠰᠬᠤᠯᠠᠩ ᠭᠦᠷ ᠬᠥᠭᠵᠢᠶᠡᠨ ᠢᠶᠠᠷ ᠪᠢᠯᠬᠠᠭᠤᠯᠪᠠ᠃
ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠤᠯᠠᠨ ᠤᠯᠤᠰ ᠤᠨ ᠬᠦᠨᠳᠦᠲᠦ ᠵᠣᠴᠢᠳ ᠲᠤ᠄ ᠪᠷᠦ᠋ᠨ᠋ᠸᠢ ᠶᠢᠨ ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠳ ᠫᠸᠶᠢᠲ᠋ᠦ᠋ᠩᠲ᠋ᠠᠨ᠂ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠪᠣᠯᠣᠨ ᠲᠡᠭᠦᠨ ᠤ ᠬᠠᠳᠤᠨ ᠱᠧᠨ ᠵᠢᠩ ᠡᠾᠦ᠋ᠢ ᠪᠤᠢ᠃
ᠸᠠᠩ ᠢ᠂ ᠾᠧ ᠯᠢ ᠹᠧᠩ᠂ ᠸᠠᠩ ᠰᠢᠶᠣᠣ ᠬᠤᠩ᠂ ᠱᠧᠨ ᠢ ᠴᠢᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃
ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠡᠾᠦ᠋ᠢ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃
ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠤᠰᠢᠶᠠᠯᠲᠠᠨ ᠨᠠᠷ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃