ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠶᠡᠷᠦᠩᠬᠡᠢ ᠱᠦᠵᠢ ᠰᠢ ᠶᠢᠨ ᠫᠢᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠭᠰᠠᠨ ᠲᠤᠬᠠᠢ ᠲᠡᠮᠳᠡᠭᠯᠡᠯ
ᠪᠠᠰᠠ ᠨᠢᠭᠡ ᠤᠳᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠷᠠᠯ ᠨᠢ ᠦᠷᠭᠡᠨ ᠬᠡᠪᠴᠢᠶ᠎ᠡ ᠪᠠᠷ ᠬᠥᠮᠥᠰ ᠤᠨ ᠠᠩᠬᠠᠷᠤᠯ ᠢ ᠲᠠᠲᠠᠵᠠᠢ
2025 ᠣᠨ ᠤ 2 ᠳ᠋ᠤᠭᠠᠷ ᠰᠠᠷ᠎ᠠ ᠶᠢᠨ 17 ᠤ ᠦᠳᠡ ᠶᠢᠨ ᠡᠮᠦᠨᠡᠬᠢ 10 ᠴᠠᠭ ᠲᠤ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠠᠯᠬᠤᠨ ᠣᠷᠣᠵᠤ᠂ ᠡᠯ᠎ᠡ ᠠᠵᠢᠯ ᠲᠦᠷᠦᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠯᠤᠭ᠎ᠠ ᠨᠢᠭᠤᠷᠳᠠᠨ ᠶᠠᠷᠢᠯᠴᠠᠪᠠ᠃
ᠰᠢᠨ᠎ᠡ ᠬᠥᠭᠵᠢᠯᠲᠡ᠂ ᠰᠢᠨ᠎ᠡ ᠲᠣᠬᠢᠶᠠᠯ᠂ ᠪᠠᠰᠠ ᠰᠢᠨ᠎ᠡ ᠥᠷᠢᠰᠦᠯᠳᠦᠭᠡᠨ ᠲᠤᠯᠭᠠᠷᠠᠵᠤ ᠪᠤᠢ᠃
ᠡᠨᠡ ᠤᠳᠠᠭᠠᠨ ᠤ ᠬᠤᠷᠠᠯ ᠢ ᠨᠠᠮ ᠤᠨ ᠲᠥᠪ ᠬᠤᠷᠢᠶ᠎ᠠ ᠬᠤᠷᠠᠯᠳᠤᠭᠤᠯᠤᠭᠰᠠᠨ ᠶᠤᠮ᠃ ᠲᠥᠪ ᠤᠨ ᠵᠠᠷᠢᠮ ᠤᠳᠤᠷᠢᠳᠬᠤ ᠨᠥᠬᠦᠳ ᠢᠷᠡᠭᠰᠡᠨ ᠪᠦᠭᠡᠳ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠴᠦ ᠢᠷᠡᠭᠰᠡᠨ ᠪᠠᠶᠢᠨ᠎ᠠ᠃
ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ ᠪᠣᠯᠣᠨ᠎ᠠ᠃ ᠦᠨᠳᠦᠷ ᠬᠡᠪ ᠪᠠᠷᠢᠮᠵᠢᠶ᠎ᠠ ᠪᠦᠬᠦᠢ ᠬᠤᠷᠠᠯ ᠢ ᠳᠠᠬᠢᠨᠲᠠ ᠬᠤᠷᠠᠯᠳᠤᠭᠤᠯᠤᠭᠰᠠᠨ ᠨᠢ ᠢᠮᠠᠭᠲᠠ ᠲᠤᠤᠱᠲᠠᠢ ᠲᠣᠳᠣᠷᠬᠠᠢ ᠳᠣᠬᠢᠶ᠎ᠠ ᠶᠢ ᠢᠯᠡᠷᠡᠭᠦᠯᠪᠡ᠃
ᠶᠡᠷᠦᠩᠬᠡᠢ ᠱᠦᠵᠢ ᠰᠢ ᠶᠢᠨ ᠫᠢᠩ᠄《ᠬᠡᠳᠦᠨ ᠠᠷᠪᠠᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠬᠢ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠤᠬᠠᠢ ᠮᠠᠨ ᠤ ᠨᠠᠮ ᠤᠨ ᠣᠨᠣᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠦᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠶᠤᠮ》ᠭᠡᠵᠦ ᠬᠡᠯᠡᠭᠰᠡᠨ ᠪᠠᠶᠢᠨ᠎ᠠ᠃
《ᠪᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠭᠰᠡᠭᠡᠷ ᠢᠷᠡᠭᠰᠡᠨ ᠶᠤᠮ᠂ ᠮᠦᠨ ᠴᠦ ᠠᠷᠠᠳ ᠠᠴᠠ ᠡᠵᠡᠩᠨᠡᠭᠰᠡᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠠᠵᠢᠯᠯᠠᠵᠤ ᠪᠠᠶᠢᠭᠰᠠᠨ》᠃ ᠡᠳᠡᠭᠡᠷ ᠵᠢᠯ ᠤᠳ ᠤᠨ ᠲᠤᠷᠰᠢ᠂ ᠰᠢ ᠶᠢᠨ ᠫᠢᠩ ᠨᠥᠬᠦᠷ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠤᠶᠢᠯ ᠢᠶᠠᠷ ᠴᠢᠬᠤᠯᠠᠴᠢᠯᠠᠨ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠡᠷᠡᠭᠦᠯ ᠢᠶᠠᠷ ᠦᠰᠦᠨ ᠪᠣᠶᠢᠵᠢᠬᠤ ᠳᠦ ᠰᠡᠳᠬᠢᠯ ᠲᠠᠯᠪᠢᠭᠰᠠᠭᠠᠷ ᠢᠷᠡᠪᠡ᠃
ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠷᠢᠳᠤᠭᠠᠷ ᠶᠡᠭᠡ ᠬᠤᠷᠠᠯ ᠬᠦᠷᠲᠡᠯ᠎ᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠵᠡᠷᠭᠡ ᠲᠥᠪ ᠬᠤᠷᠢᠶᠠᠨ ᠤ ᠪᠦᠬᠦᠳᠡ ᠬᠤᠷᠠᠯ ᠬᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠬᠤᠷᠠᠯ ᠳᠡᠭᠡᠷ᠎ᠡ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠤᠯᠠᠨ ᠤᠳᠠᠭ᠎ᠠ ᠲᠣᠳᠣᠷᠬᠠᠶᠢᠯᠠᠨ ᠥᠭᠦᠯᠡᠪᠡ᠃
ᠡᠨᠡ ᠤᠳᠠᠭᠠᠨ ᠤ ᠰᠠᠭᠤᠳᠠᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ᠄《ᠨᠠᠮ ᠪᠠ ᠤᠯᠤᠰ ᠠᠴᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠣᠭᠲᠠᠯᠴᠠᠭ᠎ᠠ ᠳᠤ ᠣᠷᠣᠭᠤᠯᠵᠤ᠂ ᠢᠮᠠᠭᠲᠠ ᠲᠤᠤᠱᠲᠠᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠂ ᠬᠤᠪᠢᠷᠠᠭᠤᠯᠵᠤ ᠪᠣᠯᠬᠤ ᠦᠭᠡᠢ᠂ ᠬᠤᠪᠢᠷᠠᠭᠤᠯᠬᠤ ᠴᠤ ᠦᠭᠡᠢ ᠶᠤᠮ》ᠭᠡᠵᠦ ᠳᠠᠬᠢᠨᠲᠠ ᠴᠢᠬᠤᠯᠠᠴᠢᠯᠠᠪᠠ᠃
ᠣᠳᠣᠬᠠᠨ ᠤ ᠬᠦᠴᠢᠷᠳᠡᠯ ᠪᠠ ᠥᠷᠢᠰᠦᠯᠳᠦᠭᠡᠨ ᠢ ᠬᠡᠷᠬᠢᠨ ᠦᠵᠡᠬᠦ ᠪᠤᠢ︖ ᠶᠠᠭᠠᠬᠢᠪᠠᠯ ᠵᠣᠬᠢᠬᠤ ᠪᠤᠢ︖
ᠶᠡᠷᠦᠩᠬᠡᠢ ᠱᠦᠵᠢ ᠰᠢ ᠶᠢᠨ ᠫᠢᠩ᠄《ᠣᠳᠣᠬᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠪᠠ ᠥᠷᠢᠰᠦᠯᠳᠦᠭᠡᠨ ᠨᠢ ᠶᠡᠷᠦᠩᠬᠡᠢ ᠳᠤ ᠪᠠᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ ᠬᠢ ᠪᠣᠯᠬᠤ ᠠᠴᠠ ᠪᠢᠰᠢ ᠪᠦᠬᠦᠯᠢ ᠴᠣᠭᠴᠠ ᠶᠢᠨ ᠬᠢ ᠪᠢᠰᠢ᠂ ᠲᠦᠷ ᠴᠠᠭ ᠤᠨ ᠬᠢ ᠪᠣᠯᠬᠤ ᠠᠴᠠ ᠪᠢᠰᠢ ᠤᠷᠲᠤ ᠬᠤᠭᠤᠴᠠᠭᠠᠨ ᠤ ᠬᠢ ᠪᠢᠰᠢ᠂ ᠢᠯᠠᠨ ᠳᠠᠪᠠᠵᠤ ᠳᠡᠶᠢᠯᠬᠦ ᠠᠴᠠ ᠪᠢᠰᠢ ᠰᠢᠢᠳᠪᠦᠷᠢᠯᠡᠵᠦ ᠳᠡᠶᠢᠯᠬᠦ ᠦᠭᠡᠢ ᠪᠢᠰᠢ ᠶᠤᠮ》《ᠬᠦᠴᠢᠷᠳᠡᠯ ᠪᠠ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠪᠠ ᠢᠷᠡᠭᠡᠳᠦᠢ ᠶᠢ ᠣᠯᠵᠤ ᠬᠠᠷᠠᠬᠤ ᠬᠡᠷᠡᠭᠲᠡᠢ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠴᠢᠩᠭᠠᠷᠠᠭᠤᠯᠤᠨ᠂ ᠰᠠᠶᠢᠲᠤᠷ ᠲᠡᠮᠡᠴᠡᠵᠦ ᠢᠯᠠᠯᠲᠠ ᠣᠯᠬᠤ ᠴᠤᠭ ᠰᠦᠯᠳᠡ ᠢᠲᠡᠭᠡᠯ ᠵᠣᠷᠢᠭ ᠲᠠᠢ ᠪᠠᠶᠢᠬᠤ ᠬᠡᠷᠡᠭᠲᠡᠢ》ᠭᠡᠵᠦ ᠵᠢᠭᠠᠵᠤ ᠭᠠᠷᠭᠠᠪᠠ᠃