ᠵᠤᠬᠢᠶᠠᠭᠴᠢ: ᠴᠠᠭ:2025-02-28 ᠥᠵᠡᠭᠰᠡᠨ : ᠢᠷᠡᠯᠲᠡ: ᠥᠪᠥᠷ ᠮᠣᠩᠭᠤᠯ ᠤᠨ          
︽ᠦᠨᠡᠨ︾ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ — ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠬᠦᠯᠬᠦ ᠬᠡᠷᠡᠭᠲᠡᠢ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2025 ᠣᠨ ᠤ 2 ᠳ᠋ᠤᠭᠠᠷ ᠰᠠᠷ᠎ᠠ ᠶᠢᠨ 15 ᠤ  ᠴᠠᠬᠢᠯᠭᠠᠨ ᠮᠡᠳᠡᠭᠡ   2  ᠰᠠᠷ᠎ᠠ ᠶᠢᠨ 16 ᠤ ᠡᠳᠦᠷ  4 ᠳ᠋ᠤᠭᠡᠷ ᠬᠤᠭᠤᠴᠠᠭᠠᠨ ᠤ《ᠦᠨᠡᠨ》 ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ《ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠬᠦᠯᠬᠦ ᠬᠡᠷᠡᠭᠲᠡᠢ》ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃

ᠵᠣᠬᠢᠶᠠᠯ ᠳᠤ᠂ ᠨᠠᠮ ᠤᠨ ᠠᠷᠪᠠᠨ ᠨᠠ‍ᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠠᠶᠢᠭᠤᠯᠵᠤ᠂ ᠵᠠᠭᠤᠨ ᠵᠢᠯ ᠤᠨ ᠲᠤᠮᠤ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠶᠢᠭᠤᠯᠤᠯᠲᠠ ᠴᠡᠪᠡᠷ ᠪᠤᠰᠤ᠂ ᠰᠤᠷᠲᠠᠯ ᠴᠡᠪᠡᠷ ᠪᠤᠰᠤ ᠵᠡᠷᠭᠡ ᠲᠤᠪᠤᠶᠢᠮ᠎ᠠ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ᠂ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ ᠪᠠᠶᠢᠳᠠᠯ ᠰᠢᠨ᠎ᠡ ᠠᠰᠠᠭᠤᠳᠠᠯ ᠲᠠᠰᠤᠷᠠᠯᠳᠠ ᠦᠭᠡᠢ ᠢᠯᠡᠷᠡᠨ ᠭᠠᠷᠴᠤ᠂ ᠨᠠᠮ ᠳᠤ ᠲᠤᠯᠭᠠᠷᠠᠵᠤ ᠪᠠᠶᠢᠭ᠎ᠠ《ᠲᠦᠷᠪᠡᠨ ᠶᠡᠭᠡ ᠰᠢᠯᠭᠠᠯᠲᠠ》《ᠲᠦᠷᠪᠡᠨ ᠵᠦᠢᠯ ᠤᠨ ᠠᠶᠤᠯ ᠲᠦᠭᠰᠢᠭᠦᠷᠢ》ᠤᠷᠳᠤ ᠬᠤᠭᠤᠴᠠᠭ᠎ᠠ ᠪᠠᠷ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ ᠦᠭᠡᠢ ᠶᠤᠮ᠃ ᠪᠦᠬᠦ ᠨᠠᠮ ᠢᠶᠠᠷ ᠢᠶᠠᠨ ᠡᠷᠬᠡᠪᠰᠢ ᠰᠢᠯᠭᠠᠯᠲᠠ ᠳᠤ ᠣᠷᠣᠯᠴᠠᠬᠤ ᠰᠤᠨᠤᠷ ᠰᠡᠷᠭᠡᠭ ᠪᠠ ᠡᠷᠡᠰ ᠵᠤᠷᠢᠭ ᠢᠶᠠᠨ ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠬᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠳᠠᠰᠤᠷᠠᠯᠳᠠ ᠦᠭᠡᠢ ᠤᠷᠤᠬᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠤᠭᠰᠠᠨ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ ᠮᠦᠨ᠂ ᠨᠠᠮ ᠤᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠭᠢᠬᠦᠶ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠠᠭᠤᠯᠭ᠎ᠠ ᠶᠢ ᠪᠦᠬᠦᠨ ᠢ ᠬᠠᠮᠤᠷᠬᠤ᠂ ᠳ᠋ᠦᠢᠰᠢᠶᠠᠩ ᠢ ᠪᠦᠬᠦᠨ ᠢ ᠬᠠᠮᠤᠷᠬᠤ᠂ ᠬᠠᠷᠢᠭᠤᠴᠠᠯᠭ᠎ᠠ ᠶᠢᠨ ᠪᠦᠬᠦ ᠬᠡᠯᠬᠢᠶ᠎ᠡ᠂ ᠳᠦᠷᠢᠮ ᠢ ᠪᠦᠷᠢᠨ ᠨᠡᠪᠲᠡᠷᠡᠭᠦᠯᠬᠦ ᠶᠢ ᠠᠬᠢᠭᠤᠯᠵᠤ᠂ ᠬᠦᠴᠦᠨ ᠵᠦᠢᠯ ᠪᠦᠷᠢᠨ ᠭᠦᠢᠴᠡᠳ ᠪᠠᠶᠢᠬᠤ᠂ ᠴᠢᠳᠠᠪᠤᠷᠢ ᠲᠡᠭᠦᠯᠳᠡᠷ ᠪᠠᠶᠢᠬᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠭᠦᠯᠬᠦ ᠲᠤᠬᠠᠢ 5 ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠨᠢᠭᠡ ᠳᠤ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ᠂ ᠬᠡᠷᠡᠭᠵᠢᠭᠦᠯᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠳᠡᠢ᠃ ᠨᠠᠮ ᠤᠨ ᠤᠳᠤᠷᠢᠳᠤᠯᠭ᠎ᠠ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠤᠨ ᠵᠣᠬᠢᠶᠠᠨ ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠴᠥᠮ ᠡᠷᠬᠡᠪᠰᠢ ᠡᠷᠡᠰ ᠴᠢᠩᠭ᠎ᠠ ᠬᠦᠴᠦᠲᠡᠢ᠂ ᠢᠯᠭᠤᠮ ᠤᠷᠤᠭᠰᠢᠲᠠᠢ ᠶᠠᠪᠤᠭᠳᠠᠭᠤᠯᠬᠤ ᠬᠡᠷᠡᠭᠲᠡᠢ᠃ ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠨᠢᠭᠲᠠ ᠴᠢᠩᠭ᠎ᠠ ᠪᠣᠯᠭᠠᠵᠤ᠂ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠪᠠᠯ  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ ᠴᠢᠳᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠨᠢᠭᠲᠠ ᠴᠢᠩᠭ᠎ᠠ ᠪᠣᠯᠭᠠᠬᠤ ᠶᠢᠨ ᠵᠠᠩᠭᠢᠯᠠᠭ᠎ᠠ ᠨᠢ ᠨᠠᠮ ᠤᠨ ᠲᠥᠪ ᠬᠤᠷᠢᠶ᠎ᠡ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠳᠤ ᠪᠤᠢ᠂ ᠡᠭᠦᠨ ᠤ ᠦᠨᠳᠦᠰᠦ ᠨᠢ《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠳᠤ ᠪᠠᠶᠢᠳᠠᠭ᠃ ᠬᠤᠶᠠᠷ ᠲᠤ᠂ ᠤᠭ ᠦᠨᠳᠦᠰᠦ ᠶᠢ ᠨᠢ ᠪᠠᠬᠢᠵᠢᠭᠦᠯᠦᠨ ᠬᠦᠮᠦᠵᠢᠭᠦᠯᠬᠦ᠂ ᠰᠡᠳᠬᠢᠯ ᠨᠢᠬᠡᠳᠦᠨ ᠰᠦᠭ ᠰᠦᠨᠡᠰᠦ ᠱᠤᠭᠤᠬᠤ ᠬᠥᠮᠦᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠳᠡᠢ᠃ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠵᠦ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠪᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ  ᠪᠠᠲᠤ ᠪᠠᠬᠢ ᠲᠤᠯᠭᠠᠭᠤᠷᠢᠯᠠᠯ ᠲᠠᠢ ᠪᠣᠯᠵᠤ ᠴᠢᠳᠠᠨ᠎ᠠ᠃ ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ᠂ ᠨᠠᠮᠴᠢ ᠴᠢᠨᠠᠷ ᠤᠨ ᠬᠥᠮᠦᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠤᠨᠢᠨ ᠳᠡᠭᠡᠷ᠎ᠡ ᠨᠢ ᠬᠦᠴᠦᠯᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ᠃ ᠨᠠᠮ ᠤᠨ ᠪᠠᠶᠢᠳᠠᠯ ᠨᠠᠮ ᠤᠨ ᠰᠤᠷᠲᠠᠯ ᠤᠨ ᠰᠢᠨ᠎ᠡ ᠬᠠᠨᠳᠤᠰᠢ ᠶᠢ ᠨᠢᠭᠲᠠ ᠠᠩᠬᠠᠷᠬᠤ ᠪᠠ ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠦᠨᠳᠦᠰᠦ ᠰᠤᠷᠪᠤᠯᠵᠢ ᠠᠴᠠ ᠨᠢ ᠵᠠᠰᠠᠵᠤ᠂ ᠦᠩᠭᠡᠨ ᠲᠠᠯ᠎ᠠ ᠶᠢ ᠨᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠶᠢ ᠨᠢ ᠵᠠᠰᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠨᠠᠷᠢᠯᠢᠭ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨᠴᠢ ᠪᠦᠷᠢᠨ ᠲᠦᠬᠦᠷ᠂ ᠪᠦᠲᠦᠮᠵᠢᠲᠡᠶ ᠬᠡᠷᠡᠭᠴᠡᠭᠡᠲᠡᠢ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ ᠴᠢᠨᠠᠷ᠂ ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ᠃ ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠡᠷᠡᠭᠴᠡᠭᠡ ᠯᠤᠭᠡ ᠵᠣᠬᠢᠴᠠᠭᠤᠯᠵᠤ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠯᠤᠭ᠎ᠠ ᠢᠵᠢ ᠪᠦᠷᠢᠳᠦᠭᠦᠯᠵᠦ᠂ ᠳᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ᠃ ᠡᠭᠦᠨ ᠤ ᠬᠠᠮᠳᠦ᠂ ᠳᠦᠷᠢᠮ ᠨᠢ ᠬᠡᠲᠦᠷᠬᠡᠢ ᠶᠠᠷᠰᠢᠭ ᠲᠦᠪᠡᠭ ᠲᠠᠢ ᠪᠣᠯᠵᠤ᠂《ᠳᠦᠷᠢᠮ ᠤᠨ ᠤᠨᠠᠭᠤᠯᠢ》 ᠳᠤ ᠤᠨᠠᠬᠤ ᠶᠢ ᠴᠤ ᠰᠡᠷᠭᠡᠶᠢᠯᠡᠬᠦ ᠬᠡᠷᠡᠭᠲᠡᠢ᠃ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ᠃ ᠲᠠᠪᠤ ᠳᠤ᠂ ᠭᠤᠤᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠡᠷᠬᠡᠪᠰᠢ ᠲᠡᠰ ᠳᠠᠪᠬᠤᠷᠭ᠎ᠠ ᠲᠦᠷᠦᠯ ᠬᠤᠪᠢᠶᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃

ᠵᠣᠬᠢᠶᠠᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ᠂ ᠨᠠᠮ ᠤᠨ ᠲᠥᠪ ᠬᠤᠷᠢᠶ᠎ᠡ ᠶᠢᠨ ᠤᠯᠤᠰ ᠲᠦᠷᠦ ᠶᠢᠨ ᠲᠣᠪᠴᠢᠶ᠎ᠡ ᠶᠢᠨ ᠨᠥᠬᠦᠳ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠬᠦ ᠨᠠᠮ ᠢ ᠪᠦᠯᠬᠦᠮᠳᠡᠭᠦᠯᠦᠨ ᠳᠠᠭᠠᠭᠤᠯᠵᠤ ᠨᠠᠮ ᠢ ᠰᠠᠶᠢᠲᠤᠷ ᠵᠠᠰᠠᠵᠤ᠂ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

 

 


   :                    
   :           
备案序号:蒙ICP备05003250号 公安备案15010502000173