ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠦᠨ ᠱᠤᠤ ᠴᠧᠩ ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠠᠶᠢᠮᠠᠭ ᠬᠤᠲᠠ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠪᠠ᠂ ᠪᠠᠶᠠᠨᠨᠠᠭᠤᠷ ᠬᠤᠲᠠ ᠪᠣᠯ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠠᠶᠢᠮᠠᠭ ᠬᠤᠲᠠ ᠪᠣᠯᠣᠨ᠎ᠠ᠃ ᠲᠡᠷᠡ ᠡᠩ ᠲᠡᠷᠢᠭᠦᠨ ᠳᠤ ᠾᠸ ᠲᠣᠭᠤᠷᠢᠭ ᠲᠠᠬᠢ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠬᠢᠷᠢ ᠵᠡᠷᠭᠡ ᠥᠷᠨᠢᠭᠦᠯᠵᠦ ᠪᠠᠶᠢᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠢᠷᠢ ᠵᠡᠷᠭᠡ ᠳᠡᠯᠭᠡᠷᠡᠭᠦᠯᠦᠨ ᠬᠡᠷᠡᠭᠯᠡᠵᠦ ᠪᠠᠶᠢᠬᠤ᠂ ᠲᠠᠷᠠᠭᠠᠴᠢ ᠶᠢᠨ ᠠᠯᠬᠤᠮ ᠳᠤ ᠶᠠᠭᠠᠬᠢᠵᠤ ᠬᠢᠬᠦ ᠪᠠᠷ ᠪᠠᠶᠢᠬᠤ ᠵᠡᠷᠭᠡ ᠶᠢ ᠨᠠᠷᠢᠨ ᠣᠶᠢᠯᠠᠭᠠᠵᠤ᠂ ᠮᠠᠰᠢ ᠨᠠᠷᠢᠯᠢᠭ ᠠᠰᠠᠭᠤᠵᠤ᠂ ᠣᠯᠠᠨ ᠢ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠶᠢᠨ ᠲᠣᠭᠤᠷᠢᠨ ᠳᠤ ᠬᠦᠴᠦ ᠣᠷᠣᠭᠤᠯᠵᠤ᠂ ᠣᠯᠠᠨ ᠦᠷ᠎ᠡ ᠪᠦᠲᠦᠭᠡᠯ ᠭᠠᠷᠭᠠᠭᠠᠷᠠᠢ ᠭᠡᠵᠦ ᠵᠣᠷᠢᠭᠵᠢᠭᠤᠯᠪᠠ᠃ 2023 ᠣᠨ ᠳᠤ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠲᠤᠰᠬᠠᠶᠢᠯᠠᠨ ᠤᠯᠤᠰ ᠡᠴᠡ ᠡᠵᠡᠩᠨᠡᠭᠰᠡᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠬᠦᠷᠴᠡᠢ᠃ ᠤᠢ ᠰᠢᠭᠤᠢ ᠶᠢᠨ ᠲᠠᠯᠠᠪᠠᠢ ᠳᠤ ᠶᠠᠮᠠᠷ ᠰᠢᠨ᠎ᠡ ᠬᠤᠪᠢᠷᠠᠯᠲᠠ ᠲᠠᠢ ᠪᠠᠶᠢᠬᠤ ᠶᠢ ᠰᠦᠨ ᠱᠤᠤ ᠴᠧᠩ ᠮᠠᠰᠢ ᠠᠩᠬᠠᠷᠴᠤ ᠪᠠᠶᠢᠯ᠎ᠠ᠃ ᠲᠡᠷᠡ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠮᠢᠨ ᠯᠧ ᠬᠤᠪᠢᠶᠠᠷᠢ ᠲᠠᠯᠠᠪᠠᠢ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠺᠠᠳ᠋ᠷᠴᠤᠳ ᠲᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠶᠢᠨ ᠬᠠᠮᠲᠤ ᠭᠡᠷ ᠤᠨ ᠠᠮᠢᠳᠤᠷᠠᠯ ᠢᠶᠠᠨ ᠰᠢᠭ ᠨᠠᠷᠢᠨ ᠨᠢᠭᠲᠠ ᠪᠤᠳᠤᠵᠤ᠂ ᠡᠯᠡᠰᠦ ᠶᠢ ᠵᠠᠰᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠠᠬᠢᠪᠠ᠃ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩᠹᠠᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ᠂ ᠰᠦᠨ ᠱᠤᠤ ᠴᠧᠩ ᠲᠠᠷᠢᠶᠠᠨ ᠭᠠᠵᠠᠷ ᠲᠤ ᠬᠦᠷᠴᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠡᠷᠡ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠶᠢᠨ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠪᠡ᠃ ᠳᠠᠷᠠᠭ᠎ᠠ ᠨᠢ᠂ ᠰᠦᠨ ᠱᠤᠤ ᠴᠧᠩ ᠡᠯ ᠳ᠋ᠣᠣ ᠴᠢᠶᠣᠤ ᠪᠠᠯᠭᠠᠰᠤᠨ ᠤ ᠲᠠᠢ ᠶᠠᠩ ᠱᠧᠩ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠲᠠᠰᠢᠷᠠᠮ ᠢᠶᠠᠷ ᠲᠠᠷᠢᠶᠠᠯᠠᠬᠤ ᠡᠷᠦᠭᠡ ᠪᠠᠷ ᠬᠦᠷᠴᠦ᠂ ᠲᠡᠳᠡᠨ ᠲᠠᠢ ᠵᠣᠭᠤᠭ ᠳᠡᠯᠭᠡᠵᠦ᠂ ᠣᠷᠣᠯᠭ᠎ᠠ ᠶᠢ ᠨᠢ ᠪᠤᠳᠤᠵᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ᠃
ᠪᠠᠶᠠᠨᠨᠠᠭᠤᠷ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠬᠦᠷᠴᠦ ᠰᠢᠨᠵᠢᠯᠡᠨ ᠪᠠᠶᠢᠴᠠᠭᠠᠭᠰᠠᠨ ᠪᠦᠬᠦᠯᠢ ᠬᠤᠶᠠᠷ ᠵᠢᠯ ᠪᠤᠯᠬᠤ ᠪᠣᠯᠣᠨ᠎ᠠ᠂ ᠪᠢᠳᠡ ᠬᠤᠶᠠᠷ ᠵᠢᠯ ᠤᠨ ᠲᠤᠷᠰᠢᠬᠢ ᠠᠵᠢᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ᠂ ᠪᠦᠭᠦ ᠲᠠᠯ᠎ᠠ ᠪᠠᠷ ᠣᠨᠣᠪᠴᠢᠲᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠨᠡᠩ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢᠯᠠᠯ ᠠᠴᠢ ᠡᠨᠡᠷᠢᠯ ᠢ ᠬᠠᠷᠢᠭᠤᠯᠬᠤ ᠬᠡᠷᠡᠭᠲᠡᠢ᠃ ᠠᠵᠢᠯ ᠤᠨ ᠳᠤᠮᠳᠠ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠦᠷ᠎ᠡ ᠠᠰᠢᠭ ᠢ ᠳᠡᠭᠡᠭᠰᠢᠯᠡᠭᠦᠯᠭᠦ᠂ ᠪᠣᠳᠠᠲᠤ ᠠᠰᠢᠭ ᠢ ᠨᠡᠮᠡᠭᠳᠡᠭᠦᠯᠬᠦ ᠳᠤ ᠬᠡᠷᠬᠢᠨ ᠠᠰᠢᠭᠲᠠᠢ ᠪᠠᠶᠢᠪᠠᠯ ᠳᠠᠷᠤᠢ ᠲᠡᠭᠡᠵᠦ ᠬᠢᠬᠦ ᠬᠡᠷᠡᠭᠲᠡᠢ᠃ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠣᠷᠣᠭᠤᠯᠤᠯᠲᠠ ᠪᠠ ᠦᠷ᠎ᠡ ᠪᠦᠲᠦᠮᠵᠢ ᠭᠠᠷᠭᠠᠭᠰᠠᠨ ᠲᠠᠩᠰᠠ ᠶᠢ ᠰᠠᠶᠢᠲᠤᠷ ᠪᠤᠳᠤᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠭᠦ ᠶᠢ ᠨᠡᠩ ᠴᠢᠬᠤᠯᠠᠴᠢᠯᠠᠬᠤ ᠬᠡᠷᠡᠭᠲᠡᠢ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠠᠪᠠᠭᠤᠯᠢᠭ ᠡᠬᠢ ᠪᠠᠶᠠᠯᠢᠭ ᠪᠣᠯᠣᠨ ᠬᠦᠴᠦᠨ ᠢᠶᠠᠨ ᠲᠥᠪᠯᠡᠷᠡᠭᠦᠯᠦᠨ ᠰᠣᠳᠣᠨ ᠪᠦᠲᠦᠭᠡᠯ ᠢ ᠡᠭᠦᠳᠴᠦ᠂ ᠣᠷᠣᠨ ᠪᠦᠰᠡ ᠶᠢᠨ ᠲᠦᠷᠦᠯ ᠲᠡᠮᠳᠡᠭ ᠢ ᠨᠡᠩ ᠠᠯᠳᠠᠷᠰᠢᠭᠤᠯᠬᠤ ᠪᠠᠷ ᠴᠢᠷᠮᠠᠶᠢᠬᠤ ᠮᠥᠷᠲᠡᠭᠡᠨ ᠪᠠᠰᠠ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠳᠠᠪᠠᠭᠤᠯᠢᠭ ᠪᠦᠲᠦᠭᠡᠭᠳᠡᠬᠦᠨ ᠤ ᠬᠡᠪᠴᠢᠶ᠎ᠡ ᠶᠢ ᠥᠷᠭᠡᠳᠬᠡᠵᠦ᠂ ᠳᠠᠪᠠᠭᠤᠯᠢᠭ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠪᠣᠯᠣᠨ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠦᠷ᠎ᠡ ᠠᠰᠢᠭ ᠢᠶᠠᠷ ᠤᠳᠤᠷᠢᠳᠤᠮᠵᠢ ᠪᠤᠯᠭᠠᠵᠤ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠡᠯᠡᠳᠭᠡᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠬᠤ ᠬᠡᠷᠡᠭᠲᠡᠢ᠃《ᠳᠠᠷᠤᠭᠠᠰᠤ ᠬᠠᠮᠢᠭ᠎ᠠ ᠠᠴᠠ ᠢᠷᠡᠭᠰᠡᠨ ᠪᠤᠢ》ᠭᠡᠳᠡᠭ ᠢ ᠨᠠᠷᠢᠨ ᠬᠢᠨᠠᠮᠠᠭᠠᠢ ᠰᠤᠳᠤᠯᠵᠤ᠂ ᠶᠠᠷᠰᠢᠭ ᠲᠦᠪᠡᠭ ᠢ ᠳᠥᠭᠦᠮ ᠳᠥᠲᠡ ᠪᠤᠯᠭᠠᠬᠤ ᠶᠢ ᠰᠤᠷᠴᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠬᠡᠷᠡᠭᠲᠡᠢ᠃ ᠪᠠᠶᠠᠨᠨᠠᠭᠤᠷ ᠬᠤᠳᠠ ᠶᠢᠨ ᠣᠷᠣᠨ ᠪᠠᠶᠢᠷᠢ ᠣᠨᠴᠠᠭᠠᠢ ᠪᠣᠯᠬᠤᠷ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢ ᠰᠠᠶᠢᠲᠤᠷ ᠤᠬᠠᠭᠠᠯᠠᠨ ᠲᠥᠯᠥᠪᠯᠡᠬᠦ ᠬᠡᠷᠡᠭᠲᠡᠢ ᠭᠡᠵᠦ ᠬᠡᠯᠡᠪᠡ᠃
ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠰᠦᠨ ᠱᠤᠤ ᠴᠧᠩ ᠪᠠᠰᠠ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠢ ᠳᠤ ᠬᠦᠷᠴᠦ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃