ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ︽ᠥᠪᠥᠷ ᠮᠣᠩᠭᠤᠯ ᠤᠨ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠤ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ ᠰᠦᠨ ᠱᠤᠤ ᠴᠧᠩ ᠯᠢ ᠰᠢᠶᠣᠣ ᠬᠤᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠪᠡ
2025 ᠣᠨ ᠤ 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠭᠦᠭᠡᠬᠤᠲᠠ ᠳᠤ《ᠥᠪᠥᠷ ᠮᠣᠩᠭᠤᠯ ᠤᠨ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ》 ᠤ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ ᠯᠢ ᠰᠢᠶᠣᠣ ᠬᠤᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃
ᠬᠤᠷᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠡᠳᠦᠪ ᠤᠨ ᠲᠥᠷᠥᠯ ᠵᠦᠢᠯ ᠢ ᠭᠦᠢᠴᠡᠳᠬᠡᠬᠦ ᠳᠤᠭᠤᠶᠢᠯᠠᠩ ᠤᠨ ᠳᠠᠷᠤᠭ᠎ᠠ ᠯᠦ ᠴᠦᠨ ᠹᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠴᠢᠶᠠᠩ᠂ ᠱᠤᠤ ᠠᠨ ᠯᠢᠨ᠂ ᠯᠣ᠋ ᠵᠢᠶᠦ᠋ᠨ᠂ ᠳ᠋ᠦ᠋ ᠶᠠᠨ ᠯᠢᠶᠠᠩ ᠲᠣᠰ ᠲᠣᠰ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠬᠡᠷᠬᠢᠨ ᠨᠠᠩ ᠰᠠᠶᠢᠲᠤᠷ ᠪᠠᠳᠠᠷᠠᠭᠤᠯᠵᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃
ᠯᠢ ᠰᠢᠶᠣᠣ ᠬᠤᠩ ᠶᠠᠷᠢᠶᠠᠨ ᠳᠠᠭᠠᠨ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠣᠯᠣᠨ ᠥᠪᠥᠷ ᠮᠣᠩᠭᠤᠯ ᠤᠨ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ ᠴᠢᠬᠤᠯᠠ ᠶᠡᠭᠡ ᠵᠥᠪᠯᠡᠯᠭᠡ ᠥᠭᠬᠦ ᠵᠥᠪᠯᠡᠨ ᠲᠣᠭᠲᠠᠭᠠᠬᠤ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠤᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠪᠠ᠃ ᠨᠢᠳᠤᠨᠤᠨ᠂ ᠥᠪᠥᠷ ᠮᠣᠩᠭᠤᠯ ᠤᠨ ᠬᠢᠨ ᠢᠨᠵᠧᠨᠧᠷᠢᠩ ᠤᠨ ᠬᠦᠷᠢᠶᠡᠯᠡᠩ ᠳᠤ ᠨᠠᠶᠢᠳᠠᠵᠤ《ᠥᠪᠥᠷ ᠮᠣᠩᠭᠤᠯ ᠤᠨ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ》 ᠶᠢᠨ ᠰᠤᠳᠤᠯᠭᠠᠨ ᠢ ᠥᠷᠨᠢᠭᠦᠯᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠭᠠᠷᠤᠯᠲᠠ ᠡᠬᠢ ᠪᠠᠶᠠᠯᠢᠭ᠂ ᠳ᠋ᠠᠶᠢᠲ᠋ᠠ ᠪᠣᠳᠣᠯᠲᠠ ᠶᠢᠨ ᠬᠦᠴᠦᠨ᠂ ᠰᠠᠭᠤᠷᠢ ᠪᠡᠯᠡᠳᠭᠡᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠰᠲ᠋ᠧᠮ ᠲᠠᠢ ᠰᠤᠳᠤᠯᠵᠤ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠪᠠ᠃ ᠲᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠥᠪᠥᠷ ᠮᠣᠩᠭᠤᠯ ᠲᠠᠢ ᠦᠷᠭᠦᠯᠵᠢᠯᠡᠨ ᠭᠠᠷ ᠬᠤᠯᠪᠣᠯᠴᠠᠨ᠂ ᠣᠲᠣ ᠶᠢᠨ ᠰᠤᠳᠤᠯᠭᠠᠨ ᠤ ᠠᠭᠤᠯᠭ᠎ᠠ ᠳᠤ ᠴᠢᠭᠯᠡᠭᠦᠯᠦᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠪᠠᠲᠤ ᠪᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠨ᠎ᠠ ᠭᠡᠵᠡᠢ᠃
ᠰᠦᠨ ᠱᠤᠤ ᠴᠧᠩ ᠶᠠᠷᠢᠶᠠᠨ ᠳᠠᠭᠠᠨ᠂ ᠡᠩ ᠲᠡᠷᠢᠭᠦᠨ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠥᠪᠥᠷ ᠮᠣᠩᠭᠤᠯ ᠳᠤ ᠦᠵᠡᠭᠦᠯᠦᠭᠰᠡᠨ ᠤᠷᠳᠤ ᠬᠤᠭᠤᠴᠠᠭᠠᠨ ᠤ ᠲᠤᠷᠰᠢᠬᠢ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠬᠠᠮᠲᠤᠷᠠᠨ ᠰᠡᠳᠦᠪ ᠤᠨ ᠰᠤᠳᠤᠯᠭᠠᠨ ᠥᠷᠨᠢᠭᠦᠯᠦᠭᠰᠡᠨ ᠨᠢ ᠪᠢᠳᠡᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠂ ᠤᠯᠤᠰ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠥᠪᠥᠷ ᠮᠣᠩᠭᠤᠯ ᠤᠨ ᠲᠤᠯᠭᠠᠭᠤᠷᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠤᠳᠠᠭ᠎ᠠ ᠶᠢᠨ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠨᠢ ᠥᠪᠥᠷ ᠮᠣᠩᠭᠤᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠪᠠᠷᠠᠯᠠᠯᠳᠤ ᠴᠢᠨᠠᠷᠲᠠᠢ᠂ ᠰᠢᠨᠵᠢᠯᠡᠬᠦ ᠤᠬᠠᠭᠠᠨᠴᠢ ᠴᠢᠨᠠᠷᠲᠠᠢ᠂ ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠡᠷᠡᠭᠴᠡᠭᠡ ᠯᠤᠭᠡ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠰᠤᠳᠤᠯᠭᠠᠨ ᠤ ᠰᠡᠳᠦᠪ ᠲᠤ ᠳᠤᠷᠠᠳᠤᠭᠰᠠᠨ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠯᠤᠭᠡ ᠬᠠᠷᠢᠴᠠᠭᠤᠯᠵᠤ᠂ ᠲᠣᠰ ᠰᠠᠯᠠᠭ᠎ᠠ ᠮᠥᠴᠢᠷ ᠲᠣᠰ ᠬᠦᠷᠢᠶᠡᠨ ᠳᠤ ᠶᠠᠭᠤ ᠬᠢᠵᠦ ᠳᠡᠶᠢᠯᠭᠦ ᠶᠢ ᠭᠦᠨᠵᠡᠭᠡᠢ ᠰᠤᠳᠤᠯᠵᠤ᠂《ᠳᠠᠶᠢᠯᠠᠯᠳᠤᠭᠠᠨ》 ᠢ ᠤᠷᠢᠳ ᠢᠶᠠᠷ ᠬᠢᠵᠦ ᠡᠬᠢᠯᠡᠨ᠂ ᠦᠷ᠎ᠡ ᠪᠦᠲᠦᠭᠡᠯ ᠤᠨ ᠬᠡᠷᠡᠭᠯᠡᠯᠲᠡ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢ ᠲᠣᠭᠲᠠᠭᠠᠬᠤ ᠯᠤᠭ᠎ᠠ ᠤᠶᠠᠯᠳᠤᠭᠤᠯᠤᠨ᠂ ᠰᠡᠳᠦᠪ ᠤᠨ ᠦᠷ᠎ᠡ ᠪᠦᠲᠦᠭᠡᠯ ᠤᠨ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠢᠨᠵᠧᠨᠧᠷᠢᠩ ᠤᠨ ᠲᠥᠷᠥᠯ ᠵᠦᠢᠯ ᠪᠣᠯᠭᠠᠨ ᠣᠨᠳᠣᠣᠰᠢᠭᠤᠯᠬᠤ ᠬᠡᠷᠡᠭᠲᠡᠢ ᠭᠡᠪᠡ᠃
ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ ᠳ᠋ᠧᠩ ᠰᠢᠤ ᠰᠢᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠦᠨ ᠯᠢ ᠯᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠰᠦᠨ ᠵᠢᠶᠦ᠋ᠨ ᠴᠢᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃