ᠵᠤᠬᠢᠶᠠᠭᠴᠢ:
ᠴᠠᠭ:2025-03-07
ᠥᠵᠡᠭᠰᠡᠨ : ℃
ᠢᠷᠡᠯᠲᠡ: ᠥᠪᠥᠷ ᠮᠣᠩᠭᠤᠯ ᠤᠨ
︽ᠦᠨᠡᠨ︾ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 ᠣᠨ ᠤ 2 ᠳ᠋ᠤᠭᠠᠷ ᠰᠠᠷ᠎ᠠ ᠶᠢᠨ 28 ᠤ ᠴᠠᠭᠢᠯᠭᠠᠨ ᠮᠡᠳᠡᠭᠡ 3 ᠰᠠᠷ᠎ᠠ ᠶᠢᠨ 1 ᠤ ᠡᠳᠦᠷ 5 ᠳ᠋ᠤᠭᠠᠷ ᠬᠤᠭᠤᠴᠠᠭᠠᠨ ᠤ《ᠦᠨᠡᠨ》 ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ《ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ》ᠭᠡᠬᠦ ᠴᠢᠬᠤᠯᠠ ᠵᠣᠬᠢᠶᠠᠯ ᠢ ᠃
ᠵᠣᠬᠢᠶᠠᠯ ᠳᠤ᠂ 2024 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ ᠬᠥᠮᠥᠰ ᠢ ᠵᠣᠷᠢᠭᠵᠢᠭᠤᠯᠤᠮ᠎ᠠ ᠪᠠᠶᠢᠨ᠎ᠠ᠃ 9 ᠰᠠᠷ᠎ᠠ ᠶᠢᠨ 26 ᠤ ᠡᠳᠦᠷ ᠨᠠᠮ ᠤᠨ ᠲᠥᠪ ᠤᠨ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠠᠯᠢ ᠤᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠡᠷᠡᠰ ᠰᠢᠭᠤᠷᠬᠠᠢ ᠪᠠᠷ ᠪᠠᠶᠢᠷᠢᠯᠠᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠪᠠ ᠵᠠᠬ᠎ᠠ ᠳᠡᠯᠭᠡᠭᠦᠷ ᠤᠨ ᠵᠢᠱᠢᠯᠲᠡ᠂ ᠨᠡᠶᠢᠭᠡᠮ ᠤᠨ ᠢᠲᠡᠭᠡᠯ ᠢ ᠪᠦᠲᠦᠮᠵᠢᠲᠡᠶ ᠬᠥᠭᠵᠢᠭᠡᠵᠦ᠂ ᠠᠵᠤ ᠠᠬᠤᠢ ᠢᠯᠡᠳᠲᠡ ᠰᠠᠶᠢᠵᠢᠷᠠᠵᠤ᠂ ᠪᠦᠭᠦ ᠵᠢᠯ ᠤᠨ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ 2025 ᠣᠨ ᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠢ ᠭᠡᠵᠦ ᠴᠢᠬᠤᠯᠠᠴᠢᠯᠠᠪᠠ᠃
ᠵᠣᠬᠢᠶᠠᠯ ᠳᠤ᠂ ᠪᠠᠶᠢᠳᠠᠯ ᠢ ᠵᠠᠳᠠᠯᠬᠤ ᠳᠤ《ᠬᠤᠶᠠᠷ ᠲᠠᠯᠠᠲᠤ ᠤᠨᠤᠯ》 ᠢ ᠪᠠᠷᠢᠮᠲᠠᠯᠠᠵᠤ᠂ ᠠᠮᠵᠢᠯᠲᠠ ᠪᠠᠨ ᠭᠦᠢᠴᠡᠳ ᠶᠠᠷᠢᠬᠤ ᠪᠠᠷ ᠪᠠᠷᠠᠬᠤ ᠦᠭᠡᠢ ᠪᠠᠰᠠ ᠠᠰᠠᠭᠤᠳᠠᠯ ᠢ ᠨᠡᠪᠲᠡᠷᠡᠲᠡᠯ᠎ᠡ ᠲᠣᠭᠠᠴᠢᠬᠤ ᠬᠡᠷᠡᠭᠲᠡᠢ᠃ ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠳᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠢᠲᠡᠭᠡᠯ ᠵᠣᠷᠢᠭ ᠪᠠᠭᠤᠷᠠᠬᠤ ᠦᠭᠡᠢ ᠯᠡ ᠶᠤᠮ ᠪᠣᠯ ᠠᠷᠭ᠎ᠠ ᠤᠬᠠᠭᠠᠨ ᠶᠠᠭᠠᠬᠢᠯ᠎ᠠ ᠴᠤ ᠭᠡᠰᠡᠨ ᠬᠦᠴᠢᠷ ᠪᠡᠷᠬᠡᠰᠢᠶᠡᠯ ᠠᠴᠠ ᠤᠯᠠᠨ ᠶᠤᠮ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠦᠢᠯᠡᠳᠦᠯᠭᠡ ᠶᠢᠨ ᠳᠤᠮᠳᠠ᠂ ᠪᠢᠳᠡ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠪᠦᠭᠦ ᠨᠠᠮ ᠢᠶᠠᠷ ᠢᠶᠠᠨ ᠪᠦᠷᠢᠯᠳᠦᠭᠦᠯᠦᠭᠰᠡᠨ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠣᠨ᠎ᠠ᠂ ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠠᠵᠤ ᠠᠬᠤᠢ ᠶᠢᠨ ᠠᠵᠢᠯ ᠮᠠᠰᠢ ᠤᠯᠠᠨ ᠪᠤᠢ᠂ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠨᠢᠭᠡ ᠳᠤ᠂ ᠡᠷᠬᠡᠪᠰᠢ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ 《ᠠᠮᠢᠳᠤᠯᠢᠭ ᠪᠤᠯᠭᠠᠵᠤ ᠴᠢᠳᠠᠬᠤ》ᠮᠥᠷᠲᠡᠭᠡᠨ ᠪᠠᠰᠠ《ᠬᠠᠮᠢᠶᠠᠷᠴᠤ ᠳᠡᠶᠢᠯᠭᠦ》ᠠᠵᠤ ᠠᠬᠤᠢ ᠶᠢᠨ ᠡᠮᠬᠢ ᠵᠢᠷᠤᠮ ᠢ ᠪᠤᠢ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ ᠠᠵᠢᠯ ᠤᠨ ᠪᠠᠶᠢᠷᠢ ᠳᠤᠲᠠᠭᠳᠠᠬᠤ᠂ ᠡᠷᠬᠡ ᠠᠴᠠ ᠪᠠᠨ ᠳᠠᠪᠠᠭ᠋ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠠᠵᠢᠯᠯᠠᠭ᠎ᠠ ᠬᠡᠳᠦᠢ ᠵᠢᠷᠤᠮᠵᠢᠬᠤ ᠲᠤᠳᠤᠮ ᠵᠠᠬ᠎ᠠ ᠳᠡᠯᠭᠡᠭᠦᠷ ᠤᠨ ᠦᠢᠯᠡᠳᠦᠯ ᠲᠡᠳᠦᠢ ᠪᠦᠲᠦᠮᠵᠢᠲᠡᠢ ᠪᠤᠯᠳᠠᠭ᠃ ᠬᠤᠶᠠᠷ ᠲᠤ᠂ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ᠂ ᠬᠥᠳᠡᠯᠦᠩᠭᠦᠢ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ ᠪᠤᠯᠭᠠᠬᠤ ᠬᠡᠷᠡᠭᠲᠡᠢ᠃ ᠭᠤᠷᠪᠠ ᠳᠤ᠂ ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠶᠡᠭᠡ ᠪᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠶᠢᠨ ᠨᠡᠮᠡᠭᠳᠡᠯ ᠪᠣᠯᠣᠨ ᠠᠵᠢᠯ ᠣᠯᠭᠤᠯᠲᠠ ᠶᠢᠨ ᠣᠷᠣᠯᠭ᠎ᠠ ᠶᠢᠨ ᠦᠨᠳᠦᠰᠦᠨ ᠲᠦᠰᠢᠭ ᠪᠤᠯᠬᠤ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠠᠭᠤᠴᠢᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠥᠭᠡᠴᠡ ᠶᠢ ᠠᠮᠢᠳᠤᠯᠢᠭᠵᠢᠭᠤᠯᠬᠤ ᠪᠠᠷ ᠳᠠᠮᠵᠢᠭᠤᠯᠤᠨ ᠨᠡᠮᠡᠭᠳᠡᠯ ᠢ ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ᠂ ᠡᠳ᠋ ᠬᠥᠷᠥᠩᠭᠡ ᠶᠢ ᠰᠠᠶᠢᠲᠤᠷ ᠬᠠᠮᠢᠶᠠᠷᠬᠤ ᠪᠠ ᠥᠷᠢ ᠥᠭᠴᠡᠭᠡ ᠶᠢ ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠲᠠᠪᠤ ᠳᠤ᠂ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠶᠠᠰᠤ ᠴᠢᠨᠠᠷ ᠢᠶᠠᠷ ᠣᠷᠣᠶᠢᠯᠠᠬᠤ ᠪᠠ ᠬᠡᠪᠴᠢᠶᠡᠲᠦ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠴᠢᠨᠠᠷ ᠰᠠᠶᠢᠲᠠᠢ ᠬᠥᠭᠵᠢᠯᠲᠡ ᠶᠢᠨ ᠪᠦᠭᠦ ᠶᠠᠪᠤᠴᠠ ᠳᠤ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃