ᠵᠤᠬᠢᠶᠠᠭᠴᠢ:
ᠴᠠᠭ:2025-04-03
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠲᠡᠶᠢᠰᠢ ᠠᠬᠢᠭᠤᠯᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 3 ᠰᠠᠷ᠎ᠠ ᠶᠢᠨ 1 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 28 ᠤ ᠦᠳᠡ ᠶᠢᠨ ᠡᠮᠦᠨ᠎ᠡ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠤᠬᠠᠢ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠨᠢ ᠠᠵᠢᠯ ᠦᠢᠯᠡᠰ ᠤᠨ ᠬᠥᠭᠵᠢᠯ ᠪᠠᠳᠠᠷᠠᠯ ᠲᠠᠢ ᠬᠤᠯᠪᠣᠭᠳᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠲᠠᠢ ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ ᠪᠠᠶᠢᠭ᠎ᠠ ᠶᠤᠮ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠂ ᠤᠯᠤᠰ ᠨᠡᠩ ᠠᠮᠤᠷ ᠲᠦᠪᠰᠢᠨ᠂ ᠨᠡᠶᠢᠭᠡᠮ ᠨᠡᠩ ᠡᠮᠬᠢ ᠳᠢᠭᠯᠢᠮ ᠲᠠᠢ᠂ ᠵᠠᠰᠠᠯᠲᠠ ᠨᠡᠩ ᠪᠦᠲᠦᠮᠵᠢᠲᠡᠢ᠂ ᠠᠷᠠᠳ ᠲᠦᠮᠡᠨ ᠨᠡᠩ ᠬᠠᠨᠤᠮᠵᠢᠲᠠᠢ ᠪᠠᠶᠢᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠲᠡᠶᠢᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠠᠷᠠᠭᠤᠨ ᠡᠮᠦᠨᠡᠲᠦ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠯᠢ ᠶᠠᠨ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠥᠷᠨᠢᠭᠦᠯᠪᠡ᠃
ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠪᠣᠯᠣᠨ ᠬᠠᠤᠯᠢ ᠪᠠᠷ ᠵᠠᠰᠠᠬᠤ ᠲᠣᠭᠲᠠᠯᠴᠠᠭ᠎ᠠ᠂ ᠪᠠᠶᠢᠯᠳᠤᠬᠤ ᠪᠣᠳᠣᠯᠭ᠎ᠠ ᠶᠢᠨ ᠲᠣᠭᠲᠠᠯᠴᠠᠭ᠎ᠠ᠂ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ《ᠬᠤᠶᠠᠷ ᠶᠡᠭᠡ ᠭᠠᠶᠢᠬᠠᠮᠰᠢᠭ》 ᠤᠨ ᠰᠢᠨ᠎ᠡ ᠬᠠᠭᠤᠳᠠᠰᠤ ᠶᠢ ᠠᠮᠵᠢᠯᠲᠠᠲᠠᠢ ᠦᠷᠭᠦᠯᠵᠢᠯᠡᠨ ᠪᠢᠴᠢᠭᠯᠡᠵᠡᠢ᠃ ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠬᠤ ᠠᠴᠠ ᠪᠢᠰᠢ ᠰᠤᠯᠠᠷᠠᠭᠤᠯᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠪᠣᠯ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ᠂ ᠡᠷᠬᠡᠪᠰᠢ ᠡᠷᠡᠰ ᠭᠤᠶᠢᠪᠢᠰᠢ ᠦᠭᠡᠢ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠬᠥᠭᠵᠢᠯᠲᠡ ᠪᠣᠯ ᠬᠠᠲᠠᠭᠤ ᠶᠣᠰᠣ ᠮᠥᠨ᠂ ᠠᠮᠤᠷ ᠲᠦᠪᠰᠢᠨ ᠪᠠᠰᠠ ᠬᠠᠲᠠᠭᠤ ᠶᠣᠰᠣ ᠮᠥᠨ ᠭᠡᠬᠦ ᠣᠨᠣᠯᠵᠢᠬᠤᠨ ᠢ ᠤᠯᠠᠮ ᠨᠢᠭᠡ ᠠᠯᠬᠤᠮ ᠪᠤᠢ ᠪᠤᠯᠭᠠᠵᠤ᠂ ᠠᠵᠢᠯ ᠤᠨ ᠳᠤᠮᠳᠠ ᠪᠠᠨ ᠬᠥᠭᠵᠢᠯᠲᠡ ᠪᠠ ᠠᠮᠤᠷ ᠲᠦᠪᠰᠢᠨ ᠢ ᠤᠬᠠᠮᠰᠠᠷ ᠠᠴᠠ ᠪᠠᠨ ᠨᠢᠭᠡᠳᠬᠡᠨ᠂ ᠬᠠᠮᠲᠤ ᠪᠠᠷ ᠲᠥᠯᠥᠪᠯᠡᠵᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠪᠦᠬᠦ ᠤᠯᠤᠰ ᠢᠶᠠᠷ ᠢᠶᠠᠨ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠱᠠᠲᠤ ᠪᠠᠷ ᠢᠶᠠᠨ ᠵᠡᠷᠭᠡ ᠪᠠᠷ ᠬᠦᠴᠦᠯᠡᠵᠦ᠂ ᠨᠢᠭᠡ ᠭᠠᠵᠠᠷ ᠣᠷᠣᠨ ᠨᠢᠭᠡ ᠣᠷᠣᠨ ᠪᠦᠰᠡ ᠨᠢᠭᠡ ᠠᠵᠤ ᠦᠢᠯᠡᠰ ᠤᠨ ᠠᠮᠤᠷ ᠲᠦᠪᠰᠢᠨ ᠢ ᠰᠠᠶᠢᠲᠤᠷ ᠠᠳᠬᠤᠬᠤ ᠪᠠᠷ ᠳᠠᠮᠵᠢᠨ ᠤᠯᠤᠰ ᠤᠨ ᠪᠦᠬᠦᠯᠢ ᠴᠣᠭᠴᠠ ᠶᠢᠨ ᠠᠮᠤᠷ ᠲᠦᠪᠰᠢᠨ ᠳᠤ ᠨᠥᠬᠦᠴᠡᠯ ᠡᠭᠦᠳᠦᠨ ᠥᠭᠴᠦ᠂ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠪᠠᠷ ᠳᠠᠮᠵᠢᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠢ ᠠᠷᠠᠳ ᠲᠦᠮᠡᠨ ᠤ ᠲᠥᠯᠥᠭᠡ ᠪᠥᠭᠡᠳ ᠪᠠᠰᠠ ᠠᠷᠠᠳ ᠲᠦᠮᠡᠨ ᠳᠤ ᠲᠦᠰᠢᠭᠯᠡᠨ᠎ᠡ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ ᠥᠪᠡᠷ ᠢ ᠪᠠᠨ ᠭᠦᠨᠳᠦᠳᠭᠡᠵᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢᠲᠡᠢ ᠥᠭᠡᠳᠡᠷᠡᠭ ᠨᠡᠶᠢᠭᠡᠮ ᠤᠨ ᠰᠡᠳᠬᠢᠴᠡ ᠶᠢ ᠬᠥᠮᠥᠵᠢᠭᠦᠯᠵᠦ᠂ ᠵᠣᠷᠢᠭᠲᠠᠢ ᠪᠠᠷ ᠤᠷᠤᠭᠰᠢᠯᠠᠨ ᠳᠠᠪᠰᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ᠂ ᠬᠠᠤᠯᠢ ᠪᠠᠷ ᠵᠠᠰᠠᠬᠤ ᠶᠢ ᠡᠷᠭᠢᠮᠯᠡᠭᠦ᠂ ᠪᠣᠯᠪᠠᠰᠤᠨ ᠢᠶᠠᠷ ᠨᠠᠶᠢᠷ ᠲᠠᠯᠪᠢᠬᠤ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠠᠮᠤᠭᠤᠯᠠᠩᠲᠤ ᠳᠤᠮᠳᠠᠳᠤ ᠤᠯᠤᠰ ᠤᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠣᠨ᠎ᠠ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠤᠯᠠᠨ ᠨᠡᠶᠢᠲᠡ ᠶᠢᠨ ᠠᠮᠤᠷ ᠲᠦᠪᠰᠢᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠠᠶᠢᠭᠤᠯᠬᠤ ᠳᠤ ᠡᠷᠬᠡᠪᠰᠢ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠲᠤᠰᠬᠠᠢ ᠵᠠᠰᠠᠬᠤ ᠪᠠ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠤᠶᠠᠯᠳᠤᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠵᠢᠩᠬᠢᠨᠢ ᠪᠣᠯᠣᠳ ᠬᠡᠷᠡᠮ ᠲᠡᠮᠦᠷ ᠬᠠᠨ᠎ᠠ ᠶᠢ ᠴᠣᠭᠴᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ《ᠹᠧᠩᠴᠢᠶᠣᠤ ᠶᠢᠨ ᠲᠤᠷᠰᠢᠯᠭ᠎ᠠ》 ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠵᠤ᠂ ᠡᠯ᠎ᠡ ᠵᠦᠢᠯ ᠤᠨ ᠵᠥᠷᠢᠴᠡᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠤᠨ ᠠᠮᠤᠷ ᠲᠦᠪᠰᠢᠨ ᠤ ᠠᠵᠢᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠮᠤᠭᠤᠯᠠᠩᠲᠤ ᠪᠠᠶᠢᠭᠤᠯᠤᠯᠲᠠ ᠳᠤᠮᠳᠠᠬᠢ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃