ᠵᠤᠬᠢᠶᠠᠭᠴᠢ:
ᠴᠠᠭ:2025-03-07
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠤᠷᠤᠰ ᠤᠨ ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠨᠠᠷᠢᠨ ᠪᠢᠴᠢᠭᠡᠴᠢ ᠱᠤᠤᠶ᠋ᠢᠭᠦ᠋ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 ᠣᠨ ᠤ 2 ᠳ᠋ᠤᠭᠠᠷ ᠰᠠᠷ᠎ᠠ ᠶᠢᠨ 28 ᠤ ᠴᠠᠭᠢᠯᠭᠠᠨ ᠮᠡᠳᠡᠭᠡ 2 ᠰᠠᠷ᠎ᠠ ᠶᠢᠨ 28 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠨᠠᠷᠢᠨ ᠪᠢᠴᠢᠭᠡᠴᠢ ᠱᠤᠤᠶ᠋ᠢᠭᠦ᠋ ᠲᠠᠢ ᠠᠭᠤᠯᠵᠠᠪᠠ᠃
ᠰᠢ ᠶᠢᠨ ᠫᠢᠩ᠂ ᠳᠤᠮᠳᠠᠳᠤ ᠤᠷᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠥᠭᠦᠷᠰᠡᠭ ᠬᠥᠷᠰᠢ ᠤᠯᠤᠰ ᠮᠥᠨ᠂ ᠨᠡᠩ ᠴᠤ ᠪᠣᠯᠣᠳ ᠰᠢᠭ᠋ ᠳᠠᠪᠲᠠᠭᠳᠠᠭᠰᠠᠨ ᠦᠨᠡᠨᠴᠢ ᠨᠠᠶᠢᠵᠠ ᠮᠥᠨ᠃ ᠡᠨᠡ ᠵᠢᠯ ᠪᠢ ᠶᠡᠷᠦᠩᠬᠡᠶᠢᠯᠡᠭᠴᠢ ᠫᠦᠲ᠋ᠢᠨ ᠲᠠᠢ ᠬᠤᠶᠠᠷ ᠤᠳᠠᠭ᠎ᠠ ᠰᠠᠨᠠᠯ ᠢᠶᠠᠨ ᠰᠣᠯᠢᠯᠴᠠᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠳᠤ ᠦᠵᠦ ᠲᠥᠯᠥᠪᠯᠡᠭᠡ ᠬᠢᠵᠦ᠂ ᠠᠯᠢ ᠤᠯᠠᠨ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠣᠯᠣᠯᠴᠠᠪᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠬᠤᠯᠪᠣᠭᠠᠲᠤ ᠤᠯᠤᠰ ᠤᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠡᠶᠢᠮᠦᠷᠬᠦᠦ ᠣᠨᠴᠠᠭᠠᠢ ᠲᠡᠦᠬᠡᠲᠦ ᠠᠴᠢ ᠬᠤᠯᠪᠣᠭᠳᠠᠯ ᠲᠠᠢ ᠵᠢᠯ ᠳᠤ᠂ ᠳᠤᠮᠳᠠᠳᠤ ᠤᠷᠤᠰ ᠤᠨ ᠬᠠᠷᠢᠯᠴᠠᠭ᠎ᠠ ᠠᠯᠢ ᠤᠯᠠᠨ ᠴᠢᠬᠤᠯᠠ ᠵᠥᠪᠯᠡᠬᠦ ᠵᠦᠢᠯ ᠢᠶᠠᠨ ᠤᠭᠲᠤᠬᠤ ᠪᠣᠯᠣᠨ᠎ᠠ᠃ ᠬᠤᠶᠠᠷ ᠲᠠᠯ᠎ᠠ ᠶᠢᠨ ᠡᠯ᠎ᠡ ᠱᠠᠲᠤ ᠳᠠᠪᠬᠤᠷᠭ᠎ᠠ ᠶᠢᠨ ᠬᠢᠨ ᠨᠢᠭᠲᠠ ᠣᠯᠣᠯᠴᠠᠭ᠎ᠠ ᠪᠠᠨ ᠪᠠᠲᠤᠯᠠᠵᠤ᠂ ᠮᠢᠨᠤ ᠶᠡᠷᠦᠩᠬᠡᠶᠢᠯᠡᠭᠴᠢ ᠫᠦᠲ᠋ᠢᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭᠠᠨ ᠤ ᠵᠣᠷᠢᠭ ᠰᠠᠨᠠᠭᠠᠨ ᠤ ᠳᠣᠲᠣᠭᠠᠳᠤ ᠴᠥᠮ᠎ᠡ ᠶᠢ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠶ᠎ᠡ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠯᠳᠠᠨ ᠲᠣᠭᠤᠰᠭ᠋᠎ᠠ ᠤᠯᠤᠰ ᠤᠳ ᠪᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭᠠᠨ ᠤ ᠶᠡᠭᠡ ᠴᠢᠭᠯᠡᠯ ᠢ ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ᠃
ᠱᠤᠤᠶ᠋ᠢᠭᠦ᠋ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠤ᠂ ᠶᠡᠷᠦᠩᠬᠡᠶᠢᠯᠡᠭᠴᠢ ᠫᠦᠲ᠋ᠢᠨ ᠠᠴᠠ ᠲᠡᠷᠢᠭᠦᠯᠡᠭᠴᠢ ᠰᠢ ᠶᠢᠨ ᠫᠢᠩ ᠯᠦᠭᠡ ᠶᠢᠨ ᠴᠢᠩ ᠦᠨᠡᠨᠴᠢ ᠨᠥᠬᠦᠷᠯᠡᠯ ᠪᠣᠯᠣᠨ ᠨᠢᠭᠲᠠ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠨᠠᠨᠳᠢᠩᠨᠠᠵᠤ ᠪᠠᠶᠢᠨ᠎ᠠ᠃ ᠤᠷᠤᠰ ᠳᠤᠮᠳᠠᠳᠤ ᠶᠢᠨ ᠬᠠᠷᠢᠯᠴᠠᠭ᠎ᠠ ᠤᠷᠢᠳ ᠡᠮᠦᠨ᠎ᠡ ᠪᠠᠶᠢᠭ᠎ᠠ ᠦᠭᠡᠢ ᠥᠨᠳᠥᠷ ᠲᠦᠪᠰᠢᠨ ᠳᠤ ᠬᠦᠷᠴᠦ᠂ ᠶᠠᠮᠠᠷᠪᠠ ᠭᠤᠷᠪᠠᠳᠠᠭᠢ ᠡᠲᠡᠭᠡᠳ ᠲᠤ ᠴᠢᠭᠯᠡᠭᠦᠯᠬᠦ ᠦᠭᠡᠢ᠃ ᠤᠷᠤᠰ ᠳᠤᠮᠳᠠᠳᠤ ᠬᠤᠶᠠᠷ ᠤᠯᠤᠰ ᠳᠡᠯᠡᠬᠡᠢ ᠳᠡᠭᠡᠷ᠎ᠡ ᠴᠢᠬᠤᠯᠠ ᠦᠢᠯᠡᠳᠦᠯ ᠦᠵᠡᠭᠦᠯᠵᠦ᠂ ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠤᠷᠤᠰ ᠳᠤᠮᠳᠠᠳᠤ ᠢᠮᠠᠭᠲᠠ ᠬᠠᠷᠢᠯᠴᠠᠨ ᠢᠲᠡᠭᠡᠵᠦ᠂ ᠡᠷᠬᠡ ᠲᠡᠭᠰᠢ ᠪᠠᠷ ᠶᠠᠷᠢᠯᠴᠠᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠨᠢ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠳᠤ ᠨᠡᠶᠢᠴᠡᠨ᠎ᠡ᠃ ᠤᠷᠤᠰ ᠤᠨ ᠬᠢᠨ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠡᠷᠡᠰ ᠭᠤᠶᠢᠪᠢᠰᠢ ᠦᠭᠡᠢ ᠴᠢᠩᠭᠠᠳᠬᠠᠨ᠎ᠠ᠃ ᠳᠤᠮᠳᠠᠳᠤ ᠤᠯᠤᠰ ᠦᠺᠷᠠᠶᠢᠨ ᠤ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠤᠭᠰᠠᠭᠠᠷ ᠢᠷᠡᠵᠠᠢ᠂ ᠤᠷᠤᠰ ᠤᠨ ᠬᠢᠨ ᠡᠭᠦᠨ ᠢ ᠶᠡᠬᠡᠳᠡ ᠮᠠᠭᠲᠠᠨ ᠰᠠᠶᠢᠰᠢᠶᠠᠵᠤ ᠪᠠᠶᠢᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ ᠳᠤ ᠣᠷᠣᠯᠴᠠᠵᠠᠢ᠃