ᠵᠤᠬᠢᠶᠠᠭᠴᠢ:
ᠴᠠᠭ:2025-03-07
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
2025 ᠣᠨ ᠤ 2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂《ᠨᠢᠭᠡ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ》 ᠶᠢᠨ ᠲᠣᠭᠤᠷᠢᠨ ᠳᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠣᠷᠣᠨ ᠤ ᠨᠡᠶᠢᠭᠡᠮ ᠤᠨ ᠠᠵᠢᠯ ᠢ ᠳᠡᠭᠡᠳᠦ ᠲᠦᠪᠰᠢᠨ ᠳᠤ ᠤᠷᠤᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃
ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠦᠨᠳᠦᠰᠦᠨ ᠵᠠᠷᠴᠢᠮ᠂ ᠦᠷᠳᠡᠭ ᠤᠨ ᠬᠠᠨᠳᠤᠰᠢ᠂ ᠬᠥᠭᠵᠢᠯᠲᠡ ᠶᠢᠨ ᠴᠢᠭᠯᠡᠯ᠂ ᠭᠤᠣᠯᠳᠠᠯᠭ᠎ᠠ ᠲᠠᠢ ᠡᠭᠦᠷᠭᠡ᠂ ᠰᠠᠭᠤᠷᠢ ᠪᠠᠲᠤᠯᠠᠭ᠎ᠠ ᠵᠡᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠠᠲᠤ ᠴᠢᠩᠭ᠎ᠠ ᠤᠯᠤᠰ ᠲᠦᠷᠦ ᠶᠢᠨ ᠤᠬᠠᠮᠰᠠᠷ᠂ ᠵᠢᠭᠰᠠᠭᠠᠯ ᠤᠨ ᠭᠠᠵᠠᠷ ᠤᠨ ᠤᠬᠠᠮᠰᠠᠷ ᠪᠣᠯᠣᠨ ᠲᠦᠭᠰᠢᠭᠦᠷᠢ ᠶᠢᠨ ᠤᠬᠠᠮᠰᠠᠷ ᠢᠶᠠᠷ ᠳᠤᠲᠠᠭᠤᠳᠠᠯ ᠢᠶᠠᠨ ᠨᠥᠬᠦᠪᠦᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠨᠡᠶᠢᠭᠡᠮ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠪᠦᠲᠦᠮᠵᠢᠳᠠᠢ ᠠᠷᠭ᠎ᠠ ᠶᠢ ᠢᠳᠡᠪᠬᠢᠲᠡᠢ ᠰᠦᠪᠡᠭᠴᠢᠯᠡᠵᠦ᠂《ᠶᠠᠭᠠᠬᠢᠵᠤ ᠪᠠᠶᠢᠭᠤᠯᠬᠤ》《ᠶᠠᠭᠠᠬᠢᠵᠤ ᠬᠡᠷᠡᠭᠯᠡᠬᠦ》《ᠬᠡᠨ ᠬᠠᠷᠢᠭᠤᠴᠠᠬᠤ》 ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠰᠢᠨ᠎ᠡ ᠪᠠᠷ ᠮᠠᠨᠳᠤᠭᠰᠠᠨ ᠬᠦᠷᠢᠶᠡᠨ ᠤ ᠡᠯ᠎ᠡ ᠲᠦᠷᠦᠯ ᠤᠨ ᠬᠥᠮᠥᠰ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠣᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠬᠢ ᠶᠢ ᠴᠢᠩᠭᠠᠳᠬᠠᠵᠤ᠂ ᠳᠡᠭᠡᠷ᠎ᠡ ᠱᠠᠲᠤᠨ ᠤ《ᠦᠢᠯᠡᠳᠦᠭᠰᠡᠨ》 ᠴᠢᠬᠤᠯᠠ ᠪᠤᠰᠤ ᠳᠠᠷᠤᠭᠠᠰᠤ ᠪᠣᠯᠣᠨ ᠳᠣᠣᠷ᠎ᠠ ᠱᠠᠲᠤᠨ ᠤ《ᠥᠪᠡᠰᠦᠪᠡᠨ ᠦᠢᠯᠡᠳᠦᠭᠰᠡᠨ》ᠢᠯᠡᠭᠦᠴᠡ ᠳᠠᠷᠤᠭᠠᠰᠤ ᠶᠢ ᠨᠢᠭᠡᠳᠦᠯᠲᠡᠢ ᠲᠥᠯᠥᠪᠵᠢᠭᠦᠯᠦᠨ ᠦᠨᠳᠦᠰᠦᠨ ᠠᠴᠠ ᠨᠢ ᠵᠠᠰᠠᠵᠤ᠂ ᠬᠡᠮᠵᠢᠶ᠎ᠡ ᠠᠴᠠ ᠬᠡᠲᠦᠷᠡᠲᠡᠯ᠎ᠡ ᠭᠠᠳᠠᠭᠰᠢᠯᠠᠭᠤᠯᠬᠤ᠂ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠬᠡᠲᠦᠷᠡᠲᠡᠯ᠎ᠡ ᠮᠠᠯᠲᠠᠬᠤ᠂ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ᠂ ᠲᠥᠰᠥᠪ ᠠᠴᠠ ᠬᠡᠲᠦᠷᠡᠭᠦᠯᠬᠦ ᠵᠡᠷᠭᠡ ᠡᠷᠦᠢ ᠬᠤᠷᠤᠢ ᠦᠭᠡᠢ ᠦᠵᠡᠭᠳᠡᠯ ᠢ ᠬᠦᠴᠦᠲᠡᠢ ᠴᠡᠭᠴᠡᠯᠡᠨ ᠵᠠᠰᠠᠵᠤ᠂ ᠨᠡᠶᠢᠭᠡᠮ ᠤᠨ ᠵᠥᠷᠢᠴᠡᠯ ᠢ ᠭᠦᠨᠵᠡᠭᠡᠢ ᠠᠷᠢᠯᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠣᠯᠠᠨ ᠲᠦᠮᠡᠨ ᠲᠠᠢ ᠪᠦᠯᠬᠦᠮᠳᠡᠨ ᠣᠯᠠᠨ ᠲᠦᠮᠡᠨ ᠳᠤ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂《ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ》ᠲᠤᠬᠠᠢ ᠣᠯᠠᠨ ᠲᠦᠮᠡᠨ ᠤ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠷᠠᠳ ᠲᠦᠮᠡᠨ ᠤ ᠰᠠᠨᠠᠭᠤᠯᠭ᠎ᠠ ᠶᠢ ᠬᠤᠷᠢᠶᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠪᠣᠯᠣᠨ ᠨᠡᠶᠢᠭᠡᠮ ᠤᠨ ᠠᠵᠢᠯ ᠤᠨ ᠲᠤᠰᠬᠠᠢ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠠᠷᠠᠳ ᠤᠨ ᠵᠣᠪᠠᠭᠤᠷᠢ ᠶᠢ ᠨᠠᠩ ᠰᠠᠶᠢᠲᠤᠷ ᠰᠢᠢᠳᠪᠦᠷᠢᠯᠡᠵᠦ᠂ ᠠᠷᠠᠳ ᠤᠨ ᠣᠶᠤᠨ ᠤᠬᠠᠭᠠᠨ ᠢ ᠨᠠᠩ ᠰᠠᠶᠢᠲᠤᠷ ᠲᠥᠪᠯᠡᠷᠡᠭᠦᠯᠵᠦ᠂ ᠠᠷᠠᠳ ᠤᠨ ᠰᠡᠳᠬᠢᠯ ᠢ ᠨᠠᠩ ᠰᠠᠶᠢᠲᠤᠷ ᠨᠢᠭᠲᠠᠷᠠᠭᠤᠯᠬᠤ ᠬᠡᠷᠡᠭᠲᠡᠢ᠃ ᠨᠡᠶᠢᠭᠡᠮ ᠤᠨ ᠠᠵᠢᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠳᠦᠷᠢᠮ ᠲᠣᠭᠲᠠᠴᠠ ᠰᠢᠯᠢᠳᠡᠭ᠂ ᠭᠡᠯᠪᠡᠷᠢ ᠠᠷᠭ᠎ᠠ ᠪᠠᠷᠢᠯ ᠰᠢᠨ᠎ᠡ᠂ ᠲᠤᠰ ᠪᠡᠶ᠎ᠡ ᠶᠢᠨ ᠪᠠᠶᠢᠭᠤᠯᠤᠯᠲᠠ ᠬᠦᠴᠦᠷᠬᠡᠭ ᠪᠠᠶᠢᠬᠤ ᠶᠢ ᠪᠡᠶᠡᠯᠡᠭᠦᠯᠵᠦ᠂ ᠨᠢᠭᠡᠳᠬᠡᠬᠦ ᠰᠠᠯᠭᠠᠬᠤ ᠶᠢ ᠤᠶᠠᠯᠳᠤᠭᠤᠯᠵᠤ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠢᠯ ᠤᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠪᠡ᠃
ᠬᠤᠷᠠᠯ ᠳᠡᠭᠡᠷ᠎ᠡ᠂ ᠭᠦᠭᠡᠬᠤᠲᠠ᠂ ᠪᠠᠶᠠᠨᠨᠠᠭᠤᠷ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠵᠤ ᠦᠭᠡ ᠬᠡᠯᠡᠵᠡᠢ᠃
ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃