ᠵᠤᠬᠢᠶᠠᠭᠴᠢ:
ᠴᠠᠭ:2025-03-07
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
2025 ᠣᠨ ᠤ 2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃
ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠪᠢᠴᠢᠭ ᠤᠨ ᠬᠡᠯᠪᠡᠷᠢ ᠶᠢᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠦᠵᠡᠬᠦ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠢᠮᠠᠭᠲᠠ《ᠬᠤᠶᠠᠷ ᠢ ᠲᠣᠭᠲᠠᠭᠠᠭᠰᠠᠨ》 ᠢ ᠬᠦᠷᠢᠶᠡᠯᠡᠬᠦ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠪᠠᠷ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠤᠯᠤᠰ ᠲᠥᠷᠥ ᠶᠢᠨ ᠶᠣᠰᠣ ᠲᠦᠷᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠦᠬᠦ ᠲᠠᠯ᠎ᠠ ᠪᠠᠷ ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠵᠦ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠤᠷᠳᠤᠴᠠ ᠶᠢ ᠲᠦᠷᠭᠡᠳᠭᠡᠨ ᠦᠷ᠎ᠡ ᠪᠦᠲᠦᠮᠵᠢ ᠶᠢ ᠲᠡᠭᠡᠭᠰᠢᠯᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠳᠠᠳᠬᠠᠯ ᠪᠠ ᠤᠬᠠᠮᠰᠠᠷ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠥᠬᠦ ᠤᠯᠤᠰ ᠤᠨ ᠨᠡᠶᠢᠭᠡᠮ ᠤᠨ ᠠᠵᠢᠯ ᠤᠨ ᠭᠡᠯᠳᠡᠰ ᠤᠨ ᠲᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠱᠠᠲᠤᠨ ᠤ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠪᠣᠳᠠᠲᠤ ᠳᠠᠶᠢᠯᠠᠯᠳᠤᠭᠠᠨ ᠠᠴᠠ ᠡᠭᠦᠰᠴᠦ᠂ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠲᠥᠷᠥᠯ ᠲᠡᠮᠳᠡᠭ ᠢ ᠠᠯᠳᠠᠷᠰᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠯᠢᠳᠡᠭ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ《ᠤᠮᠠᠷᠠᠲᠤ ᠶᠡᠭᠡ ᠬᠠᠭᠠᠯᠭ᠎ᠠ》 ᠶᠢ ᠰᠠᠶᠢᠲᠤᠷ ᠰᠠᠬᠢᠵᠤ᠂ ᠨᠡᠶᠢᠰᠯᠡᠯ ᠤᠨ ᠰᠠᠶᠢᠨ《ᠬᠠᠮᠠᠭᠠᠯᠠᠯᠲᠠ ᠶᠢᠨ ᠭᠤᠤᠯ》ᠪᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂《ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠲᠤᠬᠠᠢ ᠠᠵᠢᠯ ᠤᠨ ᠠᠷᠭ᠎ᠠ》 ᠶᠢ ᠬᠢᠨᠠᠨ ᠵᠥᠪᠯᠡᠵᠦ᠂ ᠬᠢᠨᠠᠯᠲᠠ ᠲᠠᠯᠪᠢᠬᠤ ᠲᠣᠣᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠪᠦᠲᠦᠮᠵᠢᠲᠡᠢ ᠬᠢᠨᠠᠯᠲᠠ ᠪᠠᠷ ᠠᠵᠢᠯ ᠢᠶᠠᠨ ᠵᠢᠷᠤᠮᠵᠢᠭᠤᠯᠵᠤ᠂ ᠺᠠᠳ᠋ᠷ ᠤᠨ ᠠᠵᠢᠯᠯᠠᠭ᠎ᠠ ᠶᠢ ᠬᠢᠵᠠᠭᠠᠷᠯᠠᠬᠤ ᠬᠡᠷᠡᠭᠲᠡᠢ᠃ ᠨᠡᠪᠲᠡᠷᠡᠭᠦᠯᠦᠨ ᠵᠣᠬᠢᠴᠠᠭᠤᠯᠬᠤ ᠶᠢ ᠴᠢᠩᠭᠠᠳᠬᠠᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠡᠯ᠎ᠡ ᠲᠠᠯ᠎ᠠ ᠶᠢᠨ ᠬᠢᠨ ᠠᠰᠠᠭᠤᠳᠠᠯ ᠤᠨ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠵᠤ᠂ ᠬᠦᠴᠦ ᠪᠠᠨ ᠬᠠᠮᠲᠤᠳᠬᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ 《ᠨᠢᠭᠡ ᠱᠤᠭᠤᠮ》 ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠬᠢᠨ ᠢ ᠱᠠᠯᠠᠪᠳᠠᠭᠤᠯᠤᠨ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠣᠭᠲᠠᠴᠠ ᠶᠢᠨ ᠠᠵᠢᠯᠯᠠᠭᠠᠨ ᠢ ᠨᠡᠪᠲᠡᠷᠡᠭᠦᠯᠬᠦ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠢᠩᠭ᠎ᠠ ᠠᠩᠬᠠᠷᠴᠤ᠂ ᠬᠤᠯᠪᠣᠭᠳᠠᠯ ᠪᠦᠬᠦᠢ ᠲᠦᠷᠢᠮ ᠢ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 2024 ᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂《ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ》 ᠶᠢ ᠬᠢᠨᠠᠨ ᠵᠥᠪᠯᠡᠵᠦ᠂ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃《ᠬᠤᠶᠠᠷ ᠢ ᠬᠠᠮᠠᠭᠠᠯᠠᠬᠤ》 ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠶᠠᠮᠠᠷᠪᠠ ᠠᠵᠢᠯ ᠢ ᠤᠬᠠᠭᠠᠯᠠᠨ ᠲᠦᠯᠦᠪᠯᠡᠬᠦ ᠳᠡᠭᠡᠨ ᠴᠥᠮ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠶᠠᠭᠠᠬᠢᠵᠤ ᠱᠠᠭᠠᠷᠳᠠᠭᠰᠠᠨ ᠪᠣᠯ ᠲᠡᠭᠡᠵᠦ ᠬᠢᠬᠦ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠠᠭᠤᠰᠤᠯᠴᠠᠭᠤᠯᠤᠨ ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠡᠳᠦᠷ ᠳᠤᠳᠤᠮ ᠤᠨ ᠰᠤᠷᠤᠯᠴᠠᠯᠭ᠎ᠠ ᠶᠢᠨ ᠳᠠᠳᠬᠠᠯ ᠲᠠᠢ ᠪᠣᠯᠭᠠᠵᠤ᠂ ᠲᠦᠷᠦ ᠶᠢᠨ ᠪᠤᠳᠤᠯᠭ᠎ᠠ ᠶᠢᠨ ᠤᠨᠤᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠳᠡᠪᠰᠢᠵᠦ ᠪᠠᠭᠤᠵᠤ ᠴᠥᠮ ᠪᠣᠯᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂《ᠪᠠᠭᠤᠬᠤ》 ᠶᠢᠨ ᠰᠡᠷᠡᠮᠵᠢᠯᠡᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠨᠠᠮ ᠢ ᠬᠠᠮᠢᠶᠠᠷᠴᠤ ᠨᠠᠮ ᠢ ᠵᠠᠰᠠᠬᠤ ᠪᠠ ᠨᠡᠶᠢᠭᠡᠮ ᠤᠨ ᠬᠡᠮ ᠰᠣᠭᠤᠭ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠰᠠᠶᠢᠵᠢᠷᠠᠯᠳᠠ ᠶᠢ ᠳᠠᠶᠢᠴᠢᠯᠠᠬᠤ ᠬᠡᠷᠡᠭᠲᠡᠢ᠃ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠢᠯᠵᠢᠷᠠᠯ ᠢ ᠴᠢᠩᠭ᠎ᠠ ᠵᠠᠯᠬᠠᠭᠠᠨ ᠰᠢᠢᠳᠭᠡᠵᠦ᠂《ᠪᠠᠭ᠎ᠠ ᠱᠠᠮᠰᠢᠯ ᠪᠢᠴᠢᠯ ᠢᠯᠵᠢᠷᠠᠯ》 ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃