ᠵᠤᠬᠢᠶᠠᠭᠴᠢ: ᠴᠠᠭ:2025-04-03 ᠥᠵᠡᠭᠰᠡᠨ : ᠢᠷᠡᠯᠲᠡ:          
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ

ᠰᠢᠨᠬᠤᠸᠠ ᠬᠤᠷᠢᠶ᠎ᠠ ᠶᠢᠨ ᠪᠡᠭᠡᠵᠢᠩ ᠤᠨ 2025  3  ᠰᠠᠷ᠎ᠠ ᠶᠢᠨ 31 ᠤ  ᠴᠠᠭᠢᠯᠭᠠᠨ ᠮᠡᠳᠡᠭᠡ   4  ᠰᠠᠷ᠎ᠠ ᠶᠢᠨ 1 ᠤ ᠡᠳᠦᠷ ᠬᠡᠪᠯᠡᠭᠳᠡᠬᠦ 7 ᠳ᠋ᠤᠭᠠᠷ ᠬᠤᠭᠤᠴᠠᠭᠠᠨ ᠤ 《ᠦᠨᠡᠨ》ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ  ᠫᠢᠩ ᠤᠨ 《ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ》 ᠭᠡᠬᠦ ᠴᠢᠬᠤᠯᠠ ᠵᠣᠬᠢᠶᠠᠯ ᠢ  ᠃

ᠵᠣᠬᠢᠶᠠᠯ ᠳᠤ᠂ ᠰᠢᠨᠵᠢᠯᠡᠬᠦ ᠤᠬᠠᠭᠠᠨ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠨᠠᠮ ᠤᠨ ᠠᠷᠪᠠᠨ ᠨᠠ‍ᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠨ ᠭᠠᠷᠭᠠᠵᠤ᠂ 2035 ᠣᠨ ᠪᠤᠯᠳᠠᠯ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠴᠢᠬᠤᠯᠠᠴᠢᠯᠠᠪᠠ᠃

ᠵᠣᠬᠢᠶᠠᠯ ᠳᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠢ ᠬᠥᠭᠵᠢᠭᠦᠯᠬᠦ ᠦᠢᠯᠡᠳᠦᠯᠭᠡ ᠳᠤᠮᠳᠠ᠂ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠤᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠵᠠᠢ᠃ ᠡᠭᠦᠨ ᠳᠤ ᠭᠤᠣᠯᠳᠠᠭᠤ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ 《ᠳᠥᠷᠪᠡ ᠳᠤ ᠬᠠᠨᠳᠤᠬᠤ》ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠨ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠪᠠ᠃ ᠡᠳᠡᠭᠡᠷ ᠲᠤᠷᠰᠢᠯᠭ᠎ᠠ ᠪᠣᠯ ᠲᠤᠶᠢᠯ ᠤᠨ ᠡᠷᠬᠢᠮ ᠨᠠᠨᠳᠢᠨ ᠶᠤᠮ᠂ ᠡᠷᠬᠡᠪᠰᠢ ᠤᠷᠳᠤ ᠬᠤᠭᠤᠴᠠᠭ᠎ᠠ ᠪᠡᠷ ᠪᠠᠷᠢᠮᠲᠠᠯᠠᠬᠤ ᠶᠢᠨ ᠬᠠᠮᠲᠤ᠂ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠲᠠᠨᠢᠵᠤ᠂ 2035 ᠣᠨ ᠪᠤᠯᠳᠠᠯ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠲᠥᠰᠥᠪᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠨᠢ ᠡᠷᠬᠡᠪᠰᠢ ᠳᠣᠣᠷᠠᠬᠢ ᠦᠨᠳᠦᠰᠦᠨ ᠡᠯᠧᠮᠧᠨ᠋ᠲ ᠢ ᠪᠦᠷᠢᠯᠳᠦᠭᠦᠯᠬᠦ ᠬᠡᠷᠡᠭᠲᠡᠢ᠄ ᠨᠢᠭᠡ ᠳᠤ ᠬᠦᠴᠦᠷᠬᠡᠭ ᠶᠡᠭᠡ ᠰᠠᠭᠤᠷᠢ ᠰᠤᠳᠤᠯᠭᠠᠨ ᠪᠠ ᠤᠤᠭᠠᠯ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠤᠢ ᠪᠣᠯᠭᠠᠨ᠎ᠠ᠃ ᠬᠤᠶᠠᠷ ᠲᠤ ᠬᠦᠴᠦᠷᠬᠡᠭ ᠶᠡᠭᠡ ᠵᠠᠩᠭᠢᠯᠠᠭ᠎ᠠ ᠶᠢᠨ ᠭᠤᠣᠯᠯᠠ‍ᠬᠤ ᠮᠡᠷᠭᠡᠵᠢᠯ ᠤᠨ ᠪᠣᠭᠤᠮᠲᠠ ᠰᠢᠪᠲᠤᠯᠬᠤ ᠴᠢᠳᠠᠪᠤᠷᠢ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠦᠴᠦᠲᠡᠢ ᠲᠤᠯᠭᠠᠭᠤᠷᠢᠯᠠᠨ᠎ᠠ᠃ ᠭᠤᠷᠪᠠ ᠳᠤ ᠬᠦᠴᠦᠷᠬᠡᠭ ᠶᠡᠭᠡ ᠳᠡᠯᠡᠬᠡᠢ ᠶᠢᠨ ᠨᠥᠯᠥᠭᠡᠯᠡᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠪᠠᠶᠢᠵᠤ᠂ ᠳᠡᠯᠡᠬᠡᠢ ᠶᠢᠨ ᠴᠢᠬᠤᠯᠠ ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠨ᠎ᠠ᠃ ᠳᠥᠷᠪᠡ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠴᠤᠭᠯᠠᠷᠠᠭᠤᠯᠬᠤ ᠬᠦᠴᠦᠷᠬᠡᠭ ᠶᠡᠭᠡ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠣᠷᠣᠶᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ ᠲᠠᠪᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠪᠦᠷᠢᠯᠳᠦᠭᠦᠯᠦᠨ᠎ᠡ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ 《ᠰᠢᠷᠭᠠᠭᠤ ᠬᠠᠲᠠᠭᠤᠵᠢᠯᠲᠠᠢ ᠲᠡᠮᠡᠴᠡᠬᠦ》 ᠡᠷᠡᠰ ᠪᠠᠲᠤ ᠵᠣᠷᠢᠭ ᠪᠣᠯᠣᠨ ᠬᠠᠳᠠᠨ ᠵᠣᠷᠢᠭ ᠢᠶᠠᠷ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ᠃ ᠨᠢᠭᠡᠳᠦᠭᠡᠷ ᠲᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠭᠰᠠᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠭᠤᠰᠤᠯᠴᠠᠬᠤ ᠶᠢᠨ ᠰᠠᠭᠤᠷᠢ ᠨᠢ ᠴᠢᠨᠠᠷ ᠰᠠᠶᠢᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ ᠠᠷᠭ᠎ᠠ ᠵᠠᠮ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠬᠦᠴᠦᠨ ᠢ ᠵᠣᠬᠢᠶᠠᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠦᠷᠦᠯ ᠬᠤᠪᠢᠶᠠᠨ ᠦᠨᠡᠯᠡᠬᠦ ᠲᠣᠭᠲᠠᠯᠴᠠᠭ᠎ᠠ ᠪᠠ ᠬᠢᠨᠠᠨ ᠰᠢᠯᠭᠠᠬᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠣᠷᠣᠯᠭ᠎ᠠ ᠶᠢᠨ ᠬᠤᠪᠢᠶᠠᠷᠢᠯᠠᠯᠲᠠ᠂ ᠦᠷ᠎ᠡ ᠪᠦᠲᠦᠭᠡᠯ ᠤᠨ ᠡᠷᠬᠡ ᠣᠯᠭᠤᠬᠤ ᠵᠡᠷᠭᠡ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠳᠥᠷᠪᠡᠳᠦᠭᠡᠷ ᠲᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠳᠠᠪᠤᠷᠢᠲᠠᠨ ᠤ ᠥᠷᠢᠰᠦᠯᠳᠦᠭᠡᠨ ᠤ ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠪᠴᠢᠶ᠎ᠡ ᠪᠠᠷ ᠯᠤᠲᠤ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠬᠥᠮᠥᠵᠢᠭᠦᠯᠦᠨ ᠪᠤᠶ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠲᠤᠪᠤᠶᠢᠯᠭᠠᠬᠤ ᠬᠡᠷᠡᠭᠲᠡᠢ᠃ ᠲᠠᠪᠤᠳᠤᠭᠠᠷ ᠲᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠢᠳᠡᠪᠬᠢᠲᠡᠢ ᠠᠭᠤᠰᠤᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠤᠯᠤᠰ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠡᠷᠴᠢ ᠵᠣᠷᠢᠭ ᠢᠶᠠᠨ ᠭᠦᠢᠴᠡᠳ ᠬᠥᠪᠴᠢᠯᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠦᠯᠬᠦᠮᠳᠡᠨ ᠲᠡᠮᠡᠴᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ︕ ᠭᠡᠵᠦ ᠵᠢᠭᠠᠵᠤ ᠭᠠᠷᠭᠠᠪᠠ᠃

 

 

 


   :                    
   :           
备案序号:蒙ICP备05003250号 公安备案15010502000173