ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ:
ᠰᠢ ᠫᠢᠩ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 3 ᠤ ᠴᠠᠭᠢᠯᠭᠠᠨ ᠮᠡᠳᠡᠭᠡ 4 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠫᠢᠩ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠶᠢ ᠪᠡᠯᠭᠡᠯᠡᠪᠡ᠃
ᠰᠢ ᠫᠢᠩ᠂ ᠳᠤᠮᠳᠠᠳᠤ ᠤᠯᠤᠰ ᠫᠤᠰᠨᠢᠶ᠎ᠠ ᠪᠠ ᠾᠧᠷᠽᠧᠭᠤᠸᠢᠨᠠ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠬᠠᠨᠳᠤᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠶᠡᠭᠡ ᠪᠠᠭ᠎ᠠ ᠨᠢ ᠠᠳᠠᠯᠢ ᠪᠤᠰᠤ᠂ ᠲᠡᠦᠬᠡ ᠰᠣᠶᠣᠯ ᠨᠢ ᠠᠳᠠᠯᠢ ᠪᠤᠰᠤ᠂ ᠨᠡᠶᠢᠭᠡᠮ ᠤᠨ ᠪᠠᠶᠢᠭᠤᠯᠤᠯ ᠨᠢ ᠠᠳᠠᠯᠢ ᠪᠤᠰᠤ ᠤᠯᠤᠰ ᠤᠨ ᠨᠥᠭᠦᠷᠰᠡᠭ ᠢᠶᠠᠷ ᠬᠠᠷᠢᠯᠴᠠᠬᠤ᠂ ᠭᠠᠷ ᠬᠤᠯᠪᠣᠨ ᠬᠥᠭᠵᠢᠬᠦ ᠦᠯᠢᠭᠡᠷ ᠳᠠᠭᠤᠷᠢᠶᠠᠯ ᠢ ᠱᠤᠭᠤᠪᠠ᠃ ᠪᠢ ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠲᠡᠷᠢᠭᠦᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠽᠸᠢᠶᠠᠨᠤᠸᠢᠴᠢ᠂ ᠫᠤᠰᠨᠢᠶ᠎ᠠ ᠪᠠ ᠾᠧᠷᠽᠧᠭᠤᠸᠢᠨᠠ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠤᠯᠤᠰ ᠬᠠᠷᠢᠯᠴᠠᠨ ᠭᠦᠨᠳᠦᠳᠭᠡᠵᠦ᠂ ᠨᠥᠬᠦᠷᠯᠡᠯ ᠪᠠᠲᠤ ᠪᠠᠬᠢ ᠪᠠᠶᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠫᠤᠰᠨᠢᠶ᠎ᠠ ᠪᠠ ᠾᠧᠷᠽᠧᠭᠤᠸᠢᠨᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠦᠨ᠎ᠡ ᠭᠡᠵᠦ ᠢᠯᠡᠳᠬᠡᠪᠡ᠃