ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ:
ᠰᠢ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ — ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠵᠤ ᠡᠬᠡ ᠤᠯᠤᠰ ᠤᠨ ᠡᠬᠡ ᠭᠠᠵᠠᠷ ᠢ ᠨᠠᠩ ᠨᠣᠮᠢᠨ ᠨᠣᠭᠤᠭᠠᠨ ᠨᠡᠩ ᠥᠷᠨᠢᠭᠦᠨ ᠪᠠᠳᠠᠷᠠᠩᠭᠤᠢ ᠪᠤᠯᠭᠠᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 3 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠮᠣᠳᠣ ᠳᠠᠷᠢᠵᠤ ᠣᠶᠢᠵᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠨᠢᠭᠡᠨ ᠭᠤᠭᠴᠤᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠠᠮ ᠨᠢᠭᠡ ᠠᠯᠬᠤᠮ ᠬᠥᠳᠡᠯᠦᠯᠴᠡᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠵᠣᠬᠢᠶᠠᠨ ᠪᠠᠶᠢᠭᠤᠯᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠰᠣᠶᠣᠯ ᠢ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠵᠤ᠂ ᠡᠬᠡ ᠤᠯᠤᠰ ᠤᠨ ᠡᠬᠡ ᠭᠠᠵᠠᠷ ᠢ ᠨᠠᠩ ᠨᠣᠮᠢᠨ ᠨᠣᠭᠤᠭᠠᠨ᠂ ᠥᠷᠨᠢᠭᠦᠨ ᠪᠠᠳᠠᠷᠠᠩᠭᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
4 ᠰᠠᠷ᠎ᠠ ᠶᠢᠨ 3 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠳᠠ ᠶᠢᠨ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ ᠬᠦᠷᠴᠦ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃
ᠬᠠᠩᠰᠢ ᠣᠶᠢᠷᠠᠲᠤᠬᠤ ᠪᠠᠷ᠂ ᠨᠡᠶᠢᠰᠯᠡᠯ ᠪᠡᠭᠡᠵᠢᠩ ᠬᠠᠪᠤᠷ ᠤᠨ ᠥᠩᠭᠡ ᠪᠠᠷ ᠴᠢᠮᠡᠭᠯᠡᠭᠳᠡᠨ ᠡᠰᠡᠨᠢᠯ ᠬᠥᠭᠵᠢᠯ ᠢᠶᠠᠷ ᠪᠢᠯᠬᠠᠨ᠎ᠠ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ ᠮᠠᠰᠢᠨ ᠲᠡᠷᠭᠡᠨ ᠳᠤ ᠰᠠᠭᠤᠵᠤ᠂ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ ᠬᠦᠷᠴᠦ᠂ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃
ᠮᠣᠳᠣ ᠳᠠᠷᠢᠬᠤ ᠭᠠᠵᠠᠷ ᠨᠢ ᠶᠦᠩ ᠳ᠋ᠢᠩ ᠾᠧ ᠭᠤᠣᠯ ᠤᠨ ᠨᠣᠮᠢᠨ ᠨᠣᠭᠤᠭᠠᠨ ᠵᠠᠮ ᠤᠨ ᠵᠢᠱᠢᠶ᠎ᠡ ᠦᠵᠡᠭᠦᠯᠭᠦ ᠬᠡᠰᠡᠭ ᠲᠤ ᠪᠠᠶᠢᠷᠢᠯᠠᠵᠤ᠂ ᠭᠦᠪᠡᠭᠡ ᠪᠠᠷ 7 ᠺᠢᠯᠣᠮᠧᠲᠷ ᠦᠷᠭᠦᠯᠵᠢᠯᠡᠭᠰᠡᠨ ᠣᠷᠣᠨ ᠵᠠᠢ ᠪᠠᠶᠢᠵᠤ᠂ ᠶᠠᠭ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠰᠡᠯᠡᠭᠦᠴᠡᠨ ᠪᠡᠶ᠎ᠡ ᠴᠢᠭᠢᠷᠠᠭᠵᠢᠭᠤᠯᠬᠤ ᠴᠢᠳᠠᠮᠵᠢ ᠶᠢ ᠬᠤᠣᠰᠯᠠᠭᠤᠯᠤᠭᠰᠠᠨ ᠬᠥᠪᠡᠭᠡᠨ ᠤ ᠨᠣᠭᠤᠭᠠᠨ ᠬᠤᠩᠭᠢᠯ ᠢ ᠪᠠᠶᠢᠭᠤᠯᠵᠤ ᠪᠠᠶᠢᠨ᠎ᠠ᠃
ᠶᠡᠷᠦᠩᠬᠡᠢ ᠱᠦᠵᠢ ᠢᠷᠡᠭᠰᠡᠨ ᠢ ᠦᠵᠡᠭᠡᠳ᠂ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠵᠦ ᠪᠠᠶᠢᠯ᠎ᠠ᠃ ᠰᠢ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠵᠦᠭ ᠶᠠᠪᠤᠵᠤ᠂ ᠲᠤᠬᠠᠢ ᠶᠢᠨ ᠲᠠᠯᠠᠪᠠᠢ ᠳᠤ ᠮᠣᠳᠣ ᠲᠠᠷᠢᠵᠤ ᠪᠠᠶᠢᠭᠰᠠᠨ ᠪᠡᠭᠡᠵᠢᠩ ᠬᠤᠳᠠ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠪᠣᠯᠣᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠮᠣᠳᠣ ᠲᠡᠷᠢᠵᠤ ᠡᠬᠢᠯᠡᠪᠡ᠃
ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠫᠢᠩ ᠨᠠᠷᠠᠰᠤᠨ ᠮᠣᠳᠣ᠂ ᠠᠯᠲᠠᠨ ᠮᠥᠴᠢᠷᠲᠦ ᠬᠤᠨᠭ᠍ᠭᠤᠷᠴᠤᠬᠲᠤ ᠮᠣᠳᠣ᠂ ᠭᠤᠪᠠᠢ ᠲᠡᠷᠢᠭᠦᠯᠡᠭᠴᠢ ᠮᠣᠳᠣ᠂ ᠮᠢᠨᠳᠠᠰᠤᠨ ᠬᠠᠯᠢᠰᠤᠨ ᠮᠣᠳᠣ᠂ ᠬᠠᠲᠠᠭᠤ ᠴᠠᠭᠠᠨ ᠵᠡᠷᠭᠡ ᠤᠯᠠᠨ ᠵᠤᠯᠵᠠᠭ᠎ᠠ ᠮᠣᠳᠣ ᠶᠢ ᠵᠠᠯᠭᠠᠭ᠎ᠠ ᠪᠠᠷ ᠳᠠᠷᠢᠪᠠ᠃ ᠰᠢ ᠫᠢᠩ ᠮᠣᠳᠣ ᠲᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ ᠪᠠ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠰᠠᠶᠢᠨ ᠰᠠᠶᠢᠬᠠᠨ ᠠᠮᠢᠳᠤᠷᠠᠯ ᠢ ᠴᠥᠮ ᠭᠦᠳᠡᠯᠮᠦᠷᠢ ᠳᠤ ᠲᠦᠰᠢᠭᠯᠡᠨ ᠡᠭᠦᠳᠦᠨ ᠪᠦᠲᠦᠭᠡᠳᠡᠭ ᠶᠤᠮ᠂ ᠥᠷᠭᠡᠨ ᠤᠯᠠᠨ ᠵᠠᠯᠠᠭᠤᠴᠤᠳ ᠪᠠᠭᠠᠴᠤᠳ ᠭᠦᠳᠡᠯᠮᠦᠷᠢ ᠶᠢ ᠬᠠᠶᠢᠷᠠᠯᠠᠵᠤ᠂ ᠡᠬᠡ ᠪᠠᠶᠢᠭᠠᠯᠢ ᠶᠢ ᠬᠠᠶᠢᠷᠠᠯᠠᠵᠤ᠂ ᠮᠣᠳᠣ ᠲᠠᠷᠢᠵᠤ ᠣᠶᠢᠵᠢᠭᠤᠯᠬᠤ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠦᠳᠡᠯᠮᠦᠷᠢ ᠶᠢᠨ ᠳᠤᠮᠳᠠ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ᠂ ᠮᠡᠳᠡᠯᠭᠡ ᠪᠠᠨ ᠨᠡᠮᠡᠭᠳᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠬᠦ ᠬᠡᠷᠡᠭᠲᠡᠢ ᠭᠡᠵᠦ ᠴᠢᠬᠤᠯᠠᠴᠢᠯᠠᠪᠠ᠃ ᠮᠣᠳᠣ ᠲᠠᠷᠢᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠵᠤ᠂ ᠶᠠᠭᠠᠷᠠᠯᠲᠠᠢ ᠠᠵᠢᠯᠯᠠᠵᠠᠭᠠᠨ᠎ᠠ᠃
ᠮᠣᠳᠣ ᠲᠠᠷᠢᠬᠤ ᠳᠤᠮᠳᠠ᠂ ᠰᠢ ᠵᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠣᠳᠣᠬᠠᠨ ᠳᠤ ᠮᠠᠨ ᠤ ᠤᠯᠤᠰ ᠤᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠨᠢᠭᠡᠨᠲᠡ 25% ᠶᠢ ᠳᠠᠪᠠᠵᠤ᠂ ᠪᠦᠭᠦ ᠪᠥᠮᠪᠥᠷᠴᠡᠭ ᠤᠨ 25% ᠣᠷᠴᠢᠮ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ ᠳᠤ ᠬᠤᠪᠢ ᠨᠡᠮᠡᠷᠢ ᠦᠵᠡᠭᠦᠯᠪᠡ᠃ ᠤᠯᠠᠨ ᠵᠢᠯ ᠴᠢᠷᠮᠠᠶᠢᠬᠤ ᠪᠠᠷ ᠳᠠᠮᠵᠢᠭᠠᠳ᠂ ᠲᠠᠺᠯᠢᠮᠠᠺᠠᠨ ᠡᠯᠡᠰᠦᠨ ᠴᠦᠯ ᠳᠤ 《ᠨᠣᠭᠤᠭᠠᠨ ᠣᠷᠢᠶᠠᠯᠲᠠ》 ᠵᠡᠭᠦᠯᠭᠡᠵᠦ᠂ ᠬᠤᠷᠴᠢᠨ ᠤ ᠡᠯᠡᠰᠦᠷᠬᠡᠭ ᠭᠠᠵᠠᠷ ᠲᠤ ᠲᠠᠯ᠎ᠠ ᠨᠤᠲᠤᠭ ᠤᠨ ᠥᠩᠭᠡ ᠦᠵᠡᠮᠵᠢ ᠲᠠᠭᠢᠨ ᠢᠯᠡᠷᠡᠪᠡ᠂ ᠡᠳᠡᠭᠡᠷ ᠠᠮᠵᠢᠯᠲᠠ ᠶᠢ ᠭᠢᠯᠪᠡᠷ ᠪᠤᠰᠤ ᠪᠠᠷ ᠣᠯᠵᠤ ᠠᠪᠴᠢᠷᠠᠭᠰᠠᠨ ᠶᠤᠮ᠃ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ ᠲᠤᠬᠠᠢ ᠠᠷᠠᠳ ᠤᠯᠠᠨ ᠤ ᠲᠥᠷᠥᠭᠳᠡᠯ ᠬᠠᠮᠤᠭ ᠤᠨ ᠰᠢᠭᠤᠳ ᠬᠠᠮᠤᠭ ᠤᠨ ᠦᠨᠡᠨ ᠪᠣᠳᠠᠲᠠᠢ ᠶᠤᠮ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠮᠥᠨ ᠬᠦ ᠬᠦᠷᠦᠯᠴᠡᠬᠦ ᠦᠭᠡᠢ᠂ ᠶᠠᠰᠤ ᠴᠢᠨᠠᠷ ᠦᠷ᠎ᠡ ᠠᠰᠢᠭ ᠪᠠᠰᠠ ᠲᠡᠶᠢᠮᠦ ᠥᠨᠳᠥᠷ ᠪᠢᠰᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠢᠯ ᠠᠴᠠ ᠵᠢᠯ ᠨᠡᠩ ᠰᠠᠶᠢᠨ ᠠᠵᠢᠯᠯᠠᠬᠤ ᠪᠠᠷ ᠴᠢᠷᠮᠠᠶᠢᠬᠤ ᠬᠡᠷᠡᠭᠲᠡᠢ ᠭᠡᠪᠡ᠃
ᠰᠢ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠡᠷᠬᠡᠪᠰᠢ ᠨᠣᠭᠤᠭᠠᠷᠠᠭᠤᠯᠤᠯᠲᠠ ᠶᠢ ᠥᠷᠭᠡᠳᠬᠡᠵᠦ ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ 《ᠭᠤᠷᠪᠠᠨ ᠨᠣᠭᠤᠭᠠᠷᠠᠭᠤᠯᠤᠯᠲᠠ》 ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠶ ᠰᠢᠭᠤᠢ ᠶᠢᠨ ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ 《ᠳᠥᠷᠪᠡᠨ ᠬᠥᠮᠥᠷᠭᠡ》 ᠶᠢᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ 《ᠶᠠᠰᠤ ᠴᠢᠨᠠᠷ ᠢ ᠳᠡᠭᠡᠭᠰᠢᠯᠡᠭᠦᠯᠭᠦ》 ᠶᠢ ᠨᠡᠩ ᠴᠢᠬᠤᠯᠠᠴᠢᠯᠠᠵᠤ᠂ ᠤᠢ ᠰᠢᠭᠤᠢ ᠶᠢᠨ ᠬᠡᠰᠡᠭᠯᠡᠯ ᠤᠨ ᠪᠦᠲᠦᠴᠡ ᠶᠢ ᠰᠢᠯᠢᠳᠡᠭᠵᠢᠭᠦᠯᠵᠦ᠂ ᠤᠢ ᠰᠢᠭᠤᠢ ᠶᠢᠨ ᠡᠵᠡᠩᠨᠡᠯᠲᠡ ᠶᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠭᠦ ᠬᠡᠷᠡᠭᠲᠡᠢ᠃ 《ᠠᠵᠤ ᠦᠢᠯᠡᠰ ᠢ ᠬᠥᠭᠵᠢᠭᠦᠯᠬᠦ》 ᠶᠢ ᠨᠠᠩ ᠴᠢᠬᠤᠯᠠᠴᠢᠯᠠᠵᠤ᠂ ᠣᠶ ᠰᠢᠭᠤᠢ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ᠃ 《ᠠᠷᠠᠳ ᠲᠤ ᠠᠰᠢᠭ ᠬᠦᠷᠲᠡᠭᠡᠬᠦ》 ᠶᠢ ᠨᠠᠩ ᠴᠢᠬᠤᠯᠠᠴᠢᠯᠠᠵᠤ᠂ ᠣᠯᠠᠨ ᠲᠦᠮᠡᠨ ᠤ ᠳᠡᠷᠭᠡᠳᠡ᠂ ᠨᠢᠳᠦᠨ ᠡᠮᠦᠨ᠎ᠡ ᠨᠣᠭᠤᠭᠠᠨ ᠥᠩᠭᠡ᠂ ᠭᠤᠸ᠎ᠠ ᠰᠠᠶᠢᠬᠠᠨ ᠨᠡᠮᠡᠷᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠦᠢᠯᠡᠰ ᠲᠠᠬᠢ ᠠᠵᠢᠯ ᠣᠯᠵᠤ ᠣᠷᠣᠯᠭ᠎ᠠ ᠶᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠫᠢᠩ᠂ ᠠᠯᠪᠠᠨ ᠵᠢᠷᠤᠮ ᠤᠨ ᠮᠣᠳᠣ ᠳᠠᠷᠢᠬᠤ ᠪᠣᠯ ᠪᠦᠭᠦ ᠠᠷᠠᠳ ᠤᠨ ᠠᠵᠢᠯᠯᠠᠭ᠎ᠠ ᠮᠥᠨ᠂ ᠦᠶ᠎ᠡ ᠶᠢᠨ ᠦᠶ᠎ᠡ ᠪᠤᠤᠬᠢᠶ᠎ᠠ ᠵᠠᠯᠭᠠᠨ ᠠᠵᠢᠯᠯᠠᠬᠤ ᠬᠡᠷᠡᠭᠲᠡᠢ᠃ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠣᠷᠤᠯᠴᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠵᠤ᠂ ᠡᠨᠡ ᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃