ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ:
ᠰᠢ ᠫᠢᠩ ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠥᠸᠧᠷᠮᠦ᠋ ᠳᠤᠮᠳᠠᠳᠤ ᠡᠨᠡᠳᠭᠡᠭ ᠤᠨ ᠬᠠᠷᠢᠯᠴᠠᠭ᠎ᠠ 75 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠶ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 1 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠫᠢᠩ ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠥᠸᠧᠷᠮᠦ᠋ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ 75 ᠵᠢᠯ ᠤᠨ ᠣᠶ ᠶᠢ ᠪᠡᠯᠭᠡᠯᠡᠪᠡ᠃
ᠰᠢ ᠫᠢᠩ᠂ ᠳᠤᠮᠳᠠᠳᠤ ᠤᠯᠤᠰ ᠪᠣᠯᠤᠨ ᠡᠨᠡᠳᠭᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ ᠪᠠᠶᠢᠭ᠎ᠠ ᠲᠤᠮᠤ ᠤᠯᠤᠰ ᠮᠥᠨ᠂ 《ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ》 ᠤᠨ ᠴᠢᠬᠤᠯᠠ ᠪᠦᠷᠢᠯᠳᠦᠬᠦᠨ ᠮᠦᠨ ᠪᠠᠶᠢᠵᠤ᠂ ᠴᠥᠮ ᠲᠤᠰ ᠲᠤᠰ ᠤᠨ ᠢᠶᠠᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ ᠪᠦᠲᠦᠮᠵᠢ ᠣᠯᠬᠤ ᠬᠠᠨᠢᠲᠠᠨ ᠪᠤᠯᠵᠤ᠂ 《ᠯᠣᠣ ᠵᠠᠭᠠᠨ ᠬᠠᠮᠲᠤ ᠪᠠᠷ ᠪᠥᠵᠢᠭᠯᠡᠬᠦ》 ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ ᠰᠣᠩᠭᠤᠯᠲᠠ ᠮᠥᠨ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ ᠭᠡᠳᠡᠭ ᠢ ᠳᠤᠮᠳᠠᠳᠤ ᠡᠨᠡᠳᠭᠡᠭ ᠤᠨ ᠬᠠᠷᠢᠯᠴᠠᠭᠠᠨ ᠤ ᠬᠥᠭᠵᠢᠯᠲᠡ ᠶᠢᠨ ᠶᠠᠪᠤᠴᠠ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠡᠨᠡᠳᠭᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠲᠤᠮᠤ ᠤᠯᠤᠰ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠬᠥᠭᠵᠢᠬᠦ ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ ᠲᠦᠢᠯᠵᠢᠯᠲᠡ ᠪᠣᠯᠤᠨ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃
ᠰᠢ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠡᠨᠡᠳᠭᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠵᠤ᠂ ᠳᠤᠮᠳᠠᠳᠤ ᠡᠨᠡᠳᠭᠡᠭ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃
ᠮᠥᠸᠧᠷᠮᠦ᠋᠂ ᠡᠨᠡᠳᠭᠡᠭ ᠪᠣᠯᠤᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ ᠪᠠᠶᠢᠵᠤ᠂ ᠪᠦᠬᠦ ᠪᠥᠮᠪᠥᠷᠴᠡᠭ ᠤᠨ ᠭᠤᠷᠪᠠᠨ ᠤ ᠨᠢᠭᠡ ᠬᠤᠪᠢ ᠶᠢᠨ ᠬᠥᠮᠦᠨ ᠠᠮᠠ ᠲᠠᠢ ᠶᠤᠮ᠃ ᠲᠣᠭᠲᠠᠭᠤᠨ᠂ ᠵᠢᠱᠢᠵᠦ ᠪᠤᠯᠬᠤᠶᠢᠴᠠ ᠪᠦᠭᠡᠳ ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠤᠨ ᠳᠡᠯᠡᠬᠡᠶ ᠳ᠋ᠠᠬᠢᠨ ᠳᠤ ᠠᠵᠠ ᠵᠢᠷᠭᠠᠯ ᠠᠪᠴᠢᠷᠠᠬᠤ ᠪᠤᠯᠤᠨ᠎ᠠ᠃ ᠪᠢᠳᠠ ᠡᠨᠡᠳᠭᠡᠭ ᠳᠤᠮᠳᠠᠳᠤ ᠶᠢᠨ ᠬᠠᠷᠢᠯᠴᠠᠭ᠎ᠠ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ ᠭᠡᠵᠦ ᠢᠯᠡᠳᠭᠡᠪᠡ᠃
ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠢ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠨᠡᠳᠭᠡᠭ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠢᠯᠡᠳᠭᠡᠪᠡ᠃
ᠮᠦᠸᠧᠳᠢ᠂ ᠡᠨᠡᠳᠭᠡᠭ ᠪᠣᠯᠤᠨ ᠳᠤᠮᠳᠠᠳᠤ ᠤᠯᠤᠰ ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ ᠬᠥᠮᠦᠨ ᠲᠥᠷᠥᠯᠬᠢᠲᠡᠨ ᠤ ᠲᠡᠦᠬᠡ ᠶᠢ ᠡᠭᠦᠳᠦᠨ ᠪᠦᠲᠦᠭᠡᠬᠦ ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ ᠣᠳᠣᠬᠠᠨ ᠳᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠠᠰᠢᠭᠲᠠᠢ ᠪᠠᠷ ᠪᠠᠷᠠᠬᠤ ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ 75 ᠵᠢᠯ ᠤᠨ ᠤᠢ ᠨᠢ ᠬᠤᠶᠠᠷ ᠤᠯᠤᠰ ᠤᠨ ᠬᠠᠷᠢᠯᠴᠠᠭ᠎ᠠ ᠡᠷᠡᠭᠦᠯ ᠲᠣᠭᠲᠠᠭᠤᠨ ᠬᠥᠭᠵᠢᠯᠲᠡ ᠶᠢᠨ ᠱᠠᠲᠤ ᠦᠶ᠎ᠡ ᠳᠤ ᠣᠷᠣᠬᠤ ᠶᠢ ᠬᠦᠳᠦᠯᠦᠨ ᠳᠠᠭᠠᠭᠤᠯᠬᠤ ᠪᠣᠯᠤᠨ᠎ᠠ ᠭᠡᠵᠦ ᠢᠯᠡᠳᠭᠡᠪᠡ᠃