ᠵᠤᠬᠢᠶᠠᠭᠴᠢ:
ᠴᠠᠭ:2025-04-11
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠤᠷᠭᠠᠨ ᠬᠥᠮᠦᠵᠢᠯ ᠤᠨ ᠲᠢᠩᠬᠢᠮ ᠲᠥᠰᠦᠯ ᠳᠠᠷᠤᠮᠠᠯᠯᠠᠨ ᠶᠠᠪᠤᠭᠤᠯᠵᠤ ᠡᠩ ᠤᠨ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠰᠢᠪᠲᠤᠯᠬᠤ︾ ᠶᠢ ᠠᠬᠢᠭᠤᠯᠵᠤ ᠪᠣᠢ
ᠰᠤᠷᠭᠠᠨ ᠬᠥᠮᠦᠵᠢᠯ ᠤᠨ ᠲᠢᠩᠬᠢᠮ ᠲᠥᠰᠦᠯ ᠳᠠᠷᠤᠮᠠᠯᠯᠠᠨ ᠶᠠᠪᠤᠭᠤᠯᠵᠤ᠂ ᠡᠩ ᠤᠨ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》 ᠶᠢ ᠠᠬᠢᠭᠤᠯᠵᠤ ᠪᠠᠶᠢᠨ᠎ᠠ᠃ ᠰᠤᠷᠭᠠᠨ ᠬᠥᠮᠦᠵᠢᠯ ᠤᠨ ᠲᠢᠩᠬᠢᠮ ᠣᠶᠢᠷ᠎ᠠ ᠳᠤ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ︿ᠰᠢᠪᠲᠤᠯᠤᠯᠲᠠ ᠬᠢᠬᠦ﹀ᠢᠨᠵᠧᠨᠧᠷᠢᠩ ᠢ ᠭᠦᠨᠵᠡᠭᠡᠶ ᠠᠬᠢᠭᠤᠯᠬᠤ ᠠᠵᠢᠯᠯᠠᠭᠠᠨ ᠤ ᠲᠥᠰᠦᠯ ︵2021— 2027 ᠣᠨ︶》 ᠢ ᠳᠠᠷᠤᠮᠠᠯᠯᠠᠨ ᠶᠠᠪᠤᠭᠤᠯᠵᠤ᠂ 2027 ᠣᠨ ᠤ ᠰᠡᠭᠦᠯᠴᠢ ᠪᠣᠯᠲᠠᠯ᠎ᠠ᠂ ᠪᠥᠬᠦ ᠣᠷᠣᠨ ᠤ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ᠂ ᠦᠷ᠎ᠡ ᠪᠦᠲᠦᠭᠡᠯ ᠤᠯᠠᠷᠢᠭᠤᠯᠤᠭᠰᠠᠨ ᠵᠣᠭᠤᠰ ᠤᠨ ᠲᠤᠭ᠎ᠠ ᠪᠠ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ︵ᠬᠠᠮᠲᠤ ᠪᠠᠷ ᠪᠠᠶᠢᠭᠤᠯᠤᠭᠰᠠᠨ ᠪᠠᠭᠲᠠᠨ᠎ᠠ︶ ᠢ 2024 ᠣᠨ ᠤ ᠰᠠᠭᠤᠷᠢᠨ ᠳᠡᠭᠡᠷ᠎ᠡ ᠨᠢᠭᠡ ᠳᠠᠬᠢᠨ ᠨᠡᠮᠡᠭᠳᠡᠭᠦᠯᠵᠦ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠨᠡᠮᠡᠭᠳᠡᠯ ᠤᠨ ᠬᠡᠮᠵᠢᠶ᠎ᠡ ᠶᠢ 30% ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ《ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ》 ᠢᠨᠵᠧᠨᠧᠷᠢᠩ ᠳᠠᠬᠢ ᠴᠢᠳᠠᠪᠤᠷᠢᠲᠠᠨ ᠤ ᠲᠥᠷᠥᠯ ᠢᠯᠭᠠᠯ ᠢᠶᠠᠷ ᠲᠣᠭᠲᠠᠭᠠᠭᠳᠠᠭᠰᠠᠨ ᠳᠥᠷᠪᠡᠳᠦᠭᠡᠷ ᠲᠠᠰ ᠠᠴᠠ ᠳᠡᠭᠡᠭᠰᠢᠬᠢ ᠴᠢᠳᠠᠪᠤᠷᠢᠲᠠᠨ ᠢ ᠨᠡᠶᠢᠲᠡ 140 ᠣᠷᠴᠢᠮ ᠬᠥᠮᠦᠨ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ ᠭᠡᠵᠦ ᠳᠤᠷᠠᠳᠪᠠ᠃ ᠨᠢᠭᠡ ᠳᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠥᠨᠳᠦᠷᠯᠢᠭ ᠤᠨ ᠣᠷᠭᠢᠯ ᠲᠦᠪᠰᠢᠨ ᠳᠤ ᠬᠦᠷᠦᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠂ ᠲᠡᠷᠢᠭᠦᠨ ᠳᠡᠰ ᠤᠨ ᠬᠢᠴᠢᠶᠡᠯ ᠲᠥᠷᠥᠯ ᠤᠨ ᠰᠢᠨᠵᠢᠯᠡᠭᠡᠨ ᠤ ᠰᠢᠪᠲᠤᠯᠤᠯᠲᠠ ᠶᠢᠨ ᠠᠵᠢᠯᠯᠠᠭ᠎ᠠ᠂ ᠬᠢᠴᠢᠶᠡᠯ ᠲᠥᠷᠥᠯ ᠤᠨ ᠰᠢᠨᠵᠢᠯᠡᠭᠡᠨ ᠤ ᠲᠤᠰᠬᠠᠢ ᠮᠡᠷᠭᠡᠵᠢᠯ ᠳᠤ ᠣᠨᠣᠴᠠᠲᠠᠢ ᠬᠦᠴᠦᠨ ᠨᠡᠮᠡᠷᠢᠯᠡᠬᠦ ᠠᠵᠢᠯᠯᠠᠭ᠎ᠠ᠂ ᠠᠵᠤ ᠦᠢᠯᠡᠰ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢ ᠬᠠᠮᠵᠢᠯᠴᠠᠭᠤᠯᠤᠨ ᠬᠥᠮᠥᠨ ᠬᠥᠮᠥᠵᠢᠭᠦᠯᠬᠦ ᠠᠵᠢᠯᠯᠠᠭ᠎ᠠ᠂ ᠳᠡᠭᠡᠳᠦ ᠵᠡᠷᠭᠡ ᠶᠢᠨ ᠰᠤᠳᠤᠯᠬᠤ ᠬᠦᠷᠢᠶᠡᠯᠡᠩ ᠤᠨ ᠵᠠᠮᠴᠢᠯᠠᠬᠤ ᠠᠵᠢᠯᠯᠠᠭ᠎ᠠ ᠪᠠ ᠠᠯᠪᠠᠨ ᠠᠴᠠ ᠡᠷᠬᠢᠯᠡᠭᠰᠡᠨ ᠡᠩ ᠤᠨ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠠᠰᠫᠢᠷᠠᠨᠲ ᠬᠦᠮᠦᠵᠢᠭᠦᠯᠬᠦ ᠶᠢ ᠨᠡᠶᠢᠳᠡᠮ ᠬᠠᠮᠤᠷᠬᠤ ᠠᠵᠢᠯᠯᠠᠭ᠎ᠠ ᠨᠤᠭᠤᠳ ᠢ ᠥᠷᠨᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠳᠡᠰ ᠳᠡᠪᠰᠢᠬᠦ ᠶᠢ ᠠᠬᠢᠭᠤᠯᠤᠨ᠎ᠠ᠃ ᠬᠤᠶᠠᠷ ᠲᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠂ ᠲᠠᠪᠤᠨ ᠶᠡᠭᠡ ᠡᠭᠦᠷᠭᠡ ᠶᠢᠨ ᠵᠠᠩᠭᠢᠯᠠᠭ᠎ᠠ ᠶᠢᠨ ᠬᠦᠷᠢᠶᠡᠨ ᠳᠠᠬᠢ ᠰᠢᠪᠲᠤᠯᠤᠯᠲᠠ ᠶᠢᠨ ᠠᠵᠢᠯᠯᠠᠭ᠎ᠠ᠂ ᠥᠨᠳᠥᠷ ᠡᠨᠧᠷᠭᠢ ᠶᠢᠨ ᠲᠡᠰ ᠲᠠᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠠᠵᠢᠯᠯᠠᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠤᠨ ᠰᠢᠯᠢᠳᠡᠭᠵᠢᠭᠦᠯᠬᠦ ᠠᠵᠢᠯᠯᠠᠭ᠎ᠠ᠂ ᠤᠯᠤᠰ ᠤᠨ ᠲᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠨᠡᠮᠡᠭᠳᠡᠬᠦᠯᠬᠦ ᠠᠵᠢᠯᠯᠠᠭ᠎ᠠ᠂ ᠰᠠᠭᠤᠷᠢ ᠰᠤᠳᠤᠯᠭᠠᠨ ᠤ ᠰᠢᠰᠲ᠋ᠧᠮ ᠤᠨ ᠪᠠᠶᠢᠷᠢᠰᠢᠯᠠᠭᠤᠯᠤᠯᠲᠠ ᠶᠢᠨ ᠠᠵᠢᠯᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠯᠠᠷᠢᠭᠤᠯᠤᠭᠰᠠᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠠᠵᠢᠯᠯᠠᠭ᠎ᠠ᠂ ᠣᠷᠣᠨ ᠪᠦᠰᠡ ᠶᠢᠨ ᠬᠥᠭᠵᠢᠯᠲᠡ ᠳᠤ ᠦᠢᠯᠡᠴᠢᠯᠡᠬᠦ ᠠᠵᠢᠯᠯᠠᠭ᠎ᠠ ᠪᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠨᠤᠭᠤᠳ ᠢ ᠥᠷᠨᠢᠭᠦᠯᠵᠦ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠦᠯᠦᠪᠯᠡᠵᠦ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠤᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠭᠤᠷᠪᠠ ᠳᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠂ ᠬᠡᠷᠡᠭᠴᠡᠭᠡ ᠶᠢ ᠨᠢᠭᠡ ᠴᠤᠬᠴᠠᠵᠢᠭᠤᠯᠤᠨ ᠬᠥᠲᠥᠯᠬᠦ᠂ ᠡᠬᠢ ᠪᠠᠶᠠᠯᠢᠭ ᠢ ᠨᠢᠭᠡ ᠴᠤᠬᠴᠠᠵᠢᠭᠤᠯᠤᠨ ᠨᠡᠪᠲᠡᠷᠡᠭᠦᠯᠬᠦ᠂ ᠲᠣᠭᠲᠠᠴᠠ ᠶᠢ ᠨᠢᠭᠡ ᠴᠤᠬᠴᠠᠵᠢᠭᠤᠯᠤᠨ ᠴᠣᠭᠴᠠᠯᠠᠬᠤ᠂ ᠲᠦᠷᠦᠯ ᠵᠦᠢᠯ ᠢ ᠨᠢᠭᠡ ᠴᠤᠬᠴᠠᠵᠢᠭᠤᠯᠤᠨ ᠪᠠᠶᠢᠷᠢᠯᠠᠭᠤᠯᠬᠤ ᠪᠠ ᠲᠠᠪᠴᠠᠩ ᠢ ᠨᠢᠭᠡ ᠴᠤᠬᠴᠠᠵᠢᠭᠤᠯᠤᠨ ᠪᠠᠶᠢᠭᠤᠯᠬᠤ ᠠᠵᠢᠯ ᠤᠨ ᠪᠠᠶᠢᠷᠢᠰᠢᠯ ᠤᠨ ᠪᠦᠷᠢᠯᠳᠦᠬᠦ ᠶᠢ ᠨᠢ ᠠᠬᠢᠭᠤᠯᠤᠨ᠎ᠠ᠃︵ᠰᠤᠷᠭᠠᠨ ᠬᠦᠮᠦᠵᠢᠯ ᠤᠨ ᠲᠢᠩᠬᠢᠮ︶