ᠵᠤᠬᠢᠶᠠᠭᠴᠢ: ᠴᠠᠭ:2025-04-11 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠵᠤ ᠪᠤᠢ

 

ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠ‍ᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ  ᠯᠤᠭ᠎ᠠ ᠤᠬᠠᠮᠰᠠᠷ ᠠᠴᠠ ᠪᠠᠨ ᠤᠶᠠᠯᠳᠤᠭᠤᠯᠵᠤ᠂ ᠨᠢᠭᠡ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂《ᠲᠠᠪᠤᠨ ᠶᠡᠭᠡ ᠡᠭᠦᠷᠭᠡ》 ᠶᠢ ᠪᠡᠶᠡᠯᠡᠭᠦᠯᠬᠦ᠂ 《ᠵᠢᠷᠭᠤᠭᠠᠨ ᠢᠨᠵᠧᠨᠧᠷᠢᠩ》 ᠢ ᠬᠡᠷᠡᠭᠵᠢᠭᠦᠯᠬᠦ᠂ 《ᠵᠢᠷᠭᠤᠭᠠᠨ ᠠᠵᠢᠯᠯᠠᠭ᠎ᠠ》 ᠶᠢ ᠥᠷᠨᠢᠭᠦᠯᠬᠦ ᠯᠦᠭᠡ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠪᠠᠶᠢᠨ᠎ᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠢ ᠲᠣᠬᠢᠷᠠᠭᠤᠯᠤᠯᠲᠠ ᠶᠣᠰᠣᠭᠠᠷ᠂ ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠬᠢᠨ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠨᠣᠮ ᠤᠩᠰᠢᠬᠤ ᠠᠩᠭᠢ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠪᠠᠷ ᠭᠤᠣᠯ ᠰᠡᠳᠦᠪ ᠪᠤᠯᠭᠠᠵᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠭᠡᠯᠪᠡᠷᠢ ᠪᠠᠷ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠲᠠᠨᠢᠯᠲᠠ ᠪᠠᠨ ᠳᠡᠭᠡᠭᠰᠢᠯᠡᠭᠦᠯᠵᠦ᠂ ᠢᠲᠡᠭᠡᠯ ᠢᠶᠠᠨ ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠶᠢ ᠬᠥᠲᠥᠯᠥᠨ ᠵᠢᠯᠣᠭᠤᠳᠪᠠ᠃ ᠤᠯᠠᠨ ᠢᠶᠠᠷ ᠢᠶᠠᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠤᠯᠭᠠᠵᠤ᠂ ᠰᠤᠷᠤᠯᠴᠠᠬᠤ ᠶᠢᠨ ᠳᠠᠭᠠᠤ ᠪᠠᠶᠢᠴᠠᠭᠠᠵᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ《ᠬᠤᠶᠠᠷ ᠢ ᠲᠣᠭᠲᠠᠭᠠᠭᠰᠠᠨ》 ᠢ ᠬᠦᠷᠢᠶᠡᠯᠡᠵᠦ᠂《ᠬᠤᠶᠠᠷ ᠢ ᠬᠠᠮᠠᠭᠠᠯᠠᠬᠤ》 ᠶᠢ ᠦᠢᠯᠡᠳᠦᠯᠭᠡᠵᠢᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠬᠡᠯᠲᠡᠰ ᠤᠨ ᠤᠳᠤᠷᠢᠳᠤᠯᠭ᠎ᠠ᠂ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠣᠮ ᠤᠩᠰᠢᠬᠤ ᠠᠩᠭᠢ ᠶᠢᠨ ᠰᠤᠷᠤᠯᠴᠠᠯᠭ᠎ᠠ ᠳᠤ ᠣᠷᠣᠯᠴᠠᠪᠠ᠃

ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠬᠡᠯᠲᠡᠰ ᠤᠨ ᠪᠠᠶᠢᠭᠤᠯᠭ᠎ᠠ ᠶᠢᠨ ᠰᠤᠷᠤᠯᠴᠠᠯᠭ᠎ᠠ ᠬᠥᠮᠦᠵᠢᠯ ᠢ ᠬᠦᠴᠦᠲᠡᠢ ᠪᠦᠲᠦᠮᠵᠢᠲᠡᠶ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠪᠠ᠃ ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠭᠤᠯᠪᠠ᠃《ᠨᠠᠮ ᠤᠨ ᠲᠥᠪ ᠬᠤᠷᠢᠶ᠎ᠠ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠢ ᠪᠠᠶᠢᠷᠢᠯᠠᠭᠤᠯᠤᠨ ᠥᠷᠨᠢᠭᠦᠯᠵᠦ᠂ ᠪᠦᠭᠦ ᠨᠠᠮ ᠳᠤ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠪᠠᠶᠢᠬᠤ ᠶᠢ ᠳᠠᠬᠢᠨᠲᠠ ᠲᠤᠩᠬᠠᠭᠯᠠᠵᠤ᠂ ᠨᠢᠭᠡ ᠨᠢᠭᠡ ᠠᠯᠬᠤᠮ ᠢᠶᠠᠷ ᠬᠢᠵᠦ᠂ ᠡᠴᠦᠰ ᠲᠤᠨᠢ ᠲᠤᠯᠲᠠᠯ᠎ᠠ ᠠᠳᠬᠤᠬᠤ ᠡᠷᠡᠰ ᠪᠠᠲᠤ ᠵᠣᠷᠢᠭ ᠢ ᠢᠯᠡᠷᠡᠭᠦᠯᠪᠡ》᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠲᠠᠶᠢᠸᠠᠨ ᠤ ᠠᠵᠢᠯ ᠪᠠ ᠬᠡᠷᠡᠭ ᠶᠠᠪᠤᠳᠠᠯ ᠤᠨ ᠭᠠᠵᠠᠷ ᠤᠨ ᠳᠠᠷᠤᠭ᠎ᠠ ᠵᠦ ᠵᠢᠶᠧ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠶᠢᠨ ᠳᠤᠮᠳᠠ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠪᠠᠶᠢᠴᠠᠭᠠᠯᠲᠠ ᠶᠢᠨ ᠳᠤᠮᠳᠠ ᠵᠥᠷᠢᠶ᠎ᠡ ᠪᠠᠨ ᠡᠷᠢᠵᠦ᠂ ᠥᠭᠡᠷᠡᠴᠢᠯᠡᠯᠲᠡ ᠶᠢᠨ ᠳᠤᠮᠳᠠ ᠪᠣᠳᠠᠲᠤ ᠦᠷ᠎ᠡ ᠪᠦᠲᠦᠮᠵᠢ ᠣᠯᠵᠤ᠂ ᠨᠠᠮ ᠳᠠᠭᠠᠨ ᠦᠨᠡᠨᠴᠢ ᠰᠢᠳᠤᠷᠭᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠠᠬᠢᠯᠭ᠎ᠠ ᠪᠠᠲᠤ ᠴᠢᠩᠭ᠎ᠠ ᠨᠢᠭᠡᠳᠦᠮᠡᠯ ᠹᠷᠣᠨᠲ ᠤᠨ ᠺᠠᠳ᠋ᠷ ᠪᠣᠯᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ ᠭᠡᠵᠦ ᠢᠯᠡᠷᠬᠡᠶᠢᠯᠡᠪᠡ᠃

ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠲᠣᠰ ᠤᠳᠠᠭ᠎ᠠ ᠶᠢᠨ ᠨᠣᠮ ᠤᠩᠰᠢᠬᠤ ᠠᠩᠭᠢ ᠳᠤ ᠲᠤᠰᠬᠠᠢ ᠮᠡᠷᠭᠡᠵᠢᠯᠲᠡᠨ ᠢᠶᠠᠷ ᠬᠠᠪᠰᠤᠷᠤᠨ ᠵᠢᠯᠣᠭᠤᠳᠤᠭᠤᠯᠬᠤ᠂ ᠸᠢᠳᠢᠤ᠋ ᠦᠵᠡᠬᠦ᠂ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠭᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠢᠰᠲ᠋ᠧᠮ ᠲᠠᠢ ᠰᠤᠷᠤᠯᠴᠠᠵᠤ᠂《ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ》 ᠶᠢ ᠲᠥᠪᠯᠡᠷᠡᠭᠦᠯᠦᠨ ᠰᠤᠷᠤᠯᠴᠠᠵᠤ᠂ ᠲᠥᠪ ᠤᠨ ᠨᠠ‍ᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠪᠠ᠃ ᠨᠣᠮ ᠤᠩᠰᠢᠬᠤ ᠠᠩᠭᠢ ᠳᠤ ᠣᠷᠣᠯᠴᠠᠬᠰᠠᠨ ᠨᠠᠮ ᠤᠨ ᠭᠡᠰᠢᠭᠦᠨ ᠺᠠᠳ᠋ᠷᠴᠤᠳ᠂ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠤ ᠦᠷ᠎ᠡ ᠪᠦᠲᠦᠮᠵᠢ ᠪᠠᠷ ᠢᠶᠠᠨ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃

ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠵᠠᠢ᠃ ᠰᠤᠷᠭᠠᠨ ᠬᠥᠮᠦᠵᠢᠯ ᠤᠨ ᠲᠢᠩᠬᠢᠮ ᠲᠦᠷᠦᠯ ᠬᠤᠪᠢᠶᠠᠨ ᠬᠤᠪᠢᠶᠠᠷᠢᠴᠢᠯᠠᠨ ᠰᠤᠳᠤᠯᠤᠨ ᠶᠠᠷᠢᠯᠴᠠᠵᠤ᠂ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ ᠢ ᠪᠠᠶᠢᠴᠠᠭᠠᠨ ᠳᠡᠯᠭᠡᠵᠦ᠂ ᠪᠦᠭᠦ ᠲᠠᠯ᠎ᠠ ᠪᠠᠷ ᠦᠨᠳᠦᠰᠦ ᠰᠤᠷᠪᠤᠯᠵᠢ ᠶᠢ ᠨᠢ ᠣᠨᠣᠪᠴᠢᠲᠠᠢ ᠡᠷᠢᠨ᠂ ᠭᠤᠣᠯᠳᠠᠯᠭ᠎ᠠ ᠶᠢ ᠲᠣᠪᠤᠶᠢᠯᠭᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠠᠯᠲᠠ ᠲᠠᠢ ᠪᠠᠷ ᠬᠦᠴᠦᠯᠡᠵᠦ ᠰᠤᠷᠲᠠᠯ ᠤᠨ ᠠᠷᠬᠠᠭ ᠭᠡᠮ ᠢ ᠠᠷᠢᠯᠭᠠᠨ᠂ ᠪᠣᠳᠠᠲᠠᠢ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠢ ᠬᠠᠨᠤᠮᠵᠢᠳᠠᠢ ᠪᠠᠶᠢᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ 《ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠢ ᠪᠠᠶᠢᠩᠭᠤ ᠥᠷᠨᠢᠭᠦᠯᠬᠦ᠂ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠬᠦ ᠯᠦᠭᠡ ᠤᠶᠠᠯᠳᠤᠭᠤᠯᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃

ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠲᠥᠪ ᠤᠨ ᠨᠠ‍ᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠬᠦ ᠶᠢ ᠠᠬᠢᠭᠤᠯᠪᠠ᠃ ᠲᠢᠩᠬᠢᠮ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ᠦᠨᠡᠨ ᠬᠦ ᠤᠷᠢᠳ ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠠᠢ᠃ ᠨᠣᠮ ᠤᠩᠰᠢᠬᠤ ᠠᠩᠭᠢ ᠶᠢᠨ ᠬᠢᠨ ᠪᠠᠰᠠ ᠲᠤᠰᠬᠠᠢ ᠮᠡᠷᠭᠡᠵᠢᠯᠲᠡᠨ ᠡᠷᠳᠡᠮᠲᠡᠨ ᠢᠶᠠᠷ ᠵᠢᠯᠤᠭᠤᠳᠤᠯᠤᠨ ᠰᠤᠷᠤᠯᠴᠠᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢ ᠶᠠᠭᠤᠨ ᠳᠤ ᠠᠳᠬᠤᠬᠤ᠂ ᠶᠠᠭᠤ ᠶᠢ ᠠᠳᠬᠤᠬᠤ᠂ ᠶᠠᠭᠠᠬᠢᠵᠤ ᠠᠳᠬᠤᠬᠤ ᠵᠡᠷᠭᠡ ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠲᠣᠭᠤᠷᠢᠨ ᠳᠤ ᠪᠦᠭᠦ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠤᠯᠭ᠎ᠠ ᠬᠢᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠲᠠᠯ ᠤᠨ ᠪᠣᠯᠪᠠᠰᠤᠷᠠᠯ ᠢᠶᠠᠨ ᠴᠢᠩᠭᠠᠳᠬᠠᠬᠤ ᠶᠢ ᠬᠥᠲᠥᠯᠥᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠬᠢᠨ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠨᠠᠩ ᠰᠢᠯᠢᠳᠡᠭ ᠰᠤᠷᠲᠠᠯ ᠢᠶᠠᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠢᠯᠡᠷᠬᠡᠶᠢᠯᠡᠪᠡ᠃

ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠥᠯ ᠵᠢᠴᠢ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ 17 ᠵᠦᠢᠯ ᠤᠨ ᠪᠣᠳᠠᠲᠠᠢ ᠡᠭᠦᠷᠭᠡ ᠶᠢ ᠳᠤᠷᠠᠳᠴᠤ᠂ ᠲᠦᠷᠦᠭᠦᠯᠡᠨ ᠬᠢᠬᠦ ᠰᠠᠯᠠᠭ᠎ᠠ ᠮᠥᠴᠢᠷ︵ᠨᠢᠭᠡᠴᠢ︶ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠲᠦᠷᠦᠭᠦᠬᠡᠨ᠂ ᠬᠠᠮᠲᠤ ᠪᠠᠷ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠭᠡᠯᠪᠡᠷᠢ ᠪᠠᠷ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠤᠳᠤᠷᠢᠳᠬᠤ ᠪᠠᠭ ᠤᠨ ᠪᠦᠷᠢᠯᠳᠦᠭᠦᠨ ᠨᠠᠷ  《ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ》 ᠶᠢᠨ ᠤᠭ ᠵᠣᠬᠢᠶᠠᠯ ᠢ ᠪᠦᠯᠦᠭ ᠪᠦᠯᠦᠭ ᠢᠶᠠᠷ ᠳᠠᠭᠠᠭᠤᠯᠤᠨ ᠰᠤᠷᠤᠯᠴᠠᠵᠠᠶ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ᠂ ᠲᠥᠪ ᠤᠨ ᠨᠠ‍ᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠯᠭ᠎ᠠ ᠬᠥᠮᠦᠵᠢᠯ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ  ᠲᠠᠢ ᠤᠶᠠᠯᠳᠤᠭᠤᠯᠵᠤ᠂《ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ》ᠤᠯᠠᠨ ᠲᠦᠮᠡᠨᠴᠢ ᠬᠥᠮᠦᠵᠢᠯ᠂《ᠰᠤᠷᠲᠠᠯ ᠤᠨ ᠪᠠᠶᠢᠭᠤᠯᠤᠯᠲᠠ ᠶᠢ ᠥᠷᠭᠡᠳᠬᠡᠬᠦ ᠣᠨ》 ᠤ ᠠᠵᠢᠯᠯᠠᠭ᠎ᠠ ᠶᠢ ᠪᠠᠶᠢᠩᠭᠤ ᠥᠷᠨᠢᠭᠦᠯᠬᠦ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯᠴᠢᠨ ᠤ ᠡᠪᠯᠡᠯ ᠤᠨ《ᠵᠢᠷᠭᠤᠭᠠᠨ ᠠᠵᠢᠯᠯᠠᠭ᠎ᠠ》 ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃

 

 

 


   :                    
   :           
备案序号:蒙ICP备05003250号 公安备案15010502000173