ᠵᠤᠬᠢᠶᠠᠭᠴᠢ:
ᠴᠠᠭ:2025-05-02
ᠥᠵᠡᠭᠰᠡᠨ : ℃
ᠢᠷᠡᠯᠲᠡ:
ᠢᠷᠠᠨ ᠳᠤ ᠬᠦᠨᠳᠦ ᠨᠣᠴᠢᠲᠠᠢ ᠳᠡᠯᠪᠡᠷᠡᠯᠲᠡ ᠶᠢᠨ ᠬᠡᠷᠡᠭ ᠭᠠᠷᠤᠭᠰᠠᠨ ᠲᠤᠬᠠᠢ ᠢᠷᠠᠨ ᠤ ᠶᠡᠷᠦᠩᠬᠡᠶᠢᠯᠡᠭᠴᠢ ᠫᠧᠽᠧᠱᠺᠢᠶᠠᠨ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ ᠡᠳᠦᠷ᠂ ᠤᠯᠤᠰ ᠤᠨ ᠲᠡᠷᠢᠭᠦᠯᠡᠭᠴᠢ ᠢᠷᠠᠨ ᠳᠤ ᠬᠦᠨᠳᠦ ᠨᠣᠴᠢᠲᠠᠢ ᠳᠡᠯᠪᠡᠷᠡᠯᠲᠡ ᠶᠢᠨ ᠬᠡᠷᠡᠭ ᠭᠠᠷᠤᠭᠰᠠᠨ ᠲᠤᠬᠠᠢ ᠢᠷᠠᠨ ᠤ ᠶᠡᠷᠦᠩᠬᠡᠶᠢᠯᠡᠭᠴᠢ ᠫᠧᠽᠧᠱᠺᠢᠶᠠᠨ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃
᠂ ᠡᠷᠬᠢᠮ ᠤᠯᠤᠰ ᠤᠨ ᠡᠮᠦᠨᠡᠲᠦ ᠬᠡᠰᠡᠭ ᠤᠨ ᠠᠪᠠᠰ ᠭᠠᠷᠠᠮ ᠤᠨ ᠬᠤᠲᠠ ᠶᠢᠨ ᠯᠠᠵᠢᠶᠠᠶ᠋ᠢ ᠭᠠᠷᠠᠮ ᠳᠤ ᠬᠦᠨᠳᠦ ᠨᠣᠴᠢᠲᠠᠢ ᠳᠡᠯᠪᠡᠷᠡᠯᠲᠡ ᠡᠭᠦᠰᠴᠦ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ ᠡᠮᠭᠡᠨᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠰᠢᠷᠬᠠᠲᠤᠭᠰᠠᠳ ᠪᠣᠯᠣᠨ ᠠᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠪᠡ᠃