ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 28 ᠤ ᠴᠠᠭᠢᠯᠭᠠᠨ ᠮᠡᠳᠡᠭᠡ
ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 28 ᠤ ᠡᠳᠦᠷ ᠦᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
《5•1》 ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ︕
ᠯᠢ ᠴᠢᠶᠠᠩ ᠶᠡᠭᠡ ᠬᠤᠷᠠᠯ ᠢ ᠡᠷᠭᠢᠯᠡᠵᠦ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠵᠤ᠂ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃
ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠥᠭᠡᠳ ᠭᠦᠷ ᠬᠥᠭᠵᠢᠶᠡᠨ ᠲᠠᠢ ᠠᠭᠤᠷ ᠠᠮᠢᠰᠬᠤᠯ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ 《ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ》ᠭᠡᠰᠡᠨ ᠦᠰᠦᠭ ᠲᠠᠢ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠬᠤᠷᠠᠯ ᠤᠨ ᠰᠦᠯᠳᠡ ᠶᠢ ᠡᠯᠭᠦᠵᠦ᠂ ᠬᠤᠷᠠᠯ ᠤᠨ ᠰᠦᠯᠳᠡ ᠶᠢᠨ ᠳᠣᠣᠷ᠎ᠠ ᠲᠠᠯ᠎ᠠ ᠳᠤ《1925 — 2025》ᠭᠡᠰᠡᠨ ᠲᠤᠭ᠎ᠠ ᠡᠯᠭᠦᠵᠦ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ᠄《 ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤᠮᠳᠠ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠪᠠ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠶ᠎ᠠ︕》ᠭᠡᠬᠦ ᠤᠷᠢᠶ᠎ᠠ ᠶᠢ ᠡᠯᠭᠦᠵᠡᠢ᠃
ᠦᠳᠡ ᠶᠢᠨ ᠡᠮᠦᠨ᠎ᠡ ᠶᠢᠨ 10 ᠴᠠᠭ ᠲᠤ ᠶᠡᠭᠡ ᠬᠤᠷᠠᠯ ᠡᠬᠢᠯᠡᠵᠡᠢ᠃ ᠪᠦᠭᠦᠳᠡᠭᠡᠷ ᠢᠶᠠᠨ ᠪᠣᠰᠴᠤ ᠵᠣᠭᠰᠣᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃
ᠼᠠᠢ ᠴᠢ《ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ》 ᠢ ᠤᠩᠰᠢᠨ ᠨᠡᠶᠢᠲᠡᠯᠡᠪᠡ᠃ 1670 ᠬᠥᠮᠥᠨ ᠳᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ᠂ 756 ᠬᠥᠮᠥᠨ ᠳᠤ ᠪᠦᠭᠦ ᠤᠯᠤᠰ ᠤᠨ ᠲᠡᠷᠢᠭᠦᠨ ᠤ ᠠᠵᠢᠯᠲᠠᠨ ᠤ ᠴᠣᠯᠠ ᠣᠯᠭᠤᠪᠠ᠃
ᠪᠠᠶᠠᠰᠬᠤᠯᠠᠩᠲᠤ ᠬᠥᠭᠵᠢᠮ ᠤᠨ ᠠᠶᠠᠰ ᠤᠨ ᠳᠤᠮᠳᠠ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠠᠯᠬᠤᠮ ᠲᠠᠷᠠᠭ᠎ᠠ ᠲᠠᠢ ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ ᠨᠠᠷ ᠲᠡᠳᠡᠨ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃
ᠳᠤᠮᠳᠠᠳᠤ ᠤᠯᠤᠰ ᠤᠨ ᠡᠯ ᠴᠦᠡᠭ ᠳ᠋ᠧ ᠶᠠᠩ ᠸᠠᠨ ᠬᠠᠩ ᠬᠡᠪ ᠳᠠᠪᠲᠠᠬᠤ ᠺᠤᠮᠫᠠᠨᠢ ᠶᠢᠨ ᠠᠩᠭᠢ ᠶᠢᠨ ᠳᠠᠷᠤᠭ᠎ᠠ ᠶᠧ ᠯᠢᠨ ᠸᠧᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃
ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠳᠣᠣᠷ᠎ᠠ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ᠂ ᠮᠠᠨ ᠤ ᠤᠯᠤᠰ ᠤᠨ ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠤ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃
᠂ ᠨᠠᠮ ᠤᠨ ᠠᠷᠪᠠᠨ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠠᠵᠢᠯᠴᠢᠨ ᠤ ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠶᠢᠨ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠪᠠ᠃
᠂ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ 100 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠪᠡ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠬᠠᠮᠲᠤ ᠤᠯᠠᠨ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠤᠷᠢ ᠶᠢ ᠭᠤᠶᠢᠪᠢᠯᠵᠠᠭᠤᠯᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃
᠂ 100 ᠵᠢᠯ ᠤᠨ ᠲᠤᠷᠰᠢᠬᠢ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ ᠡᠭᠦᠳᠦᠯᠲᠡ ᠪᠣᠯᠣᠨ ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠭᠤᠣᠯ ᠡᠭᠦᠷᠭᠡ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠤᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠳᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠨᠠᠮ ᠠᠴᠠ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
᠂ ᠨᠠᠮ ᠤᠨ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠤᠯᠠᠮ ᠳᠠᠶᠢᠴᠢᠯᠠᠨ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ ᠪᠣᠰᠬᠠᠬᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠠᠵᠠ ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠪᠣᠯ ᠴᠥᠮ ᠠᠷᠠᠳ ᠲᠦᠮᠡᠨ ᠤ ᠬᠡᠪ ᠳᠠᠭᠤᠷᠢᠶᠠᠯ᠂ ᠤᠯᠤᠰ ᠤᠨ ᠲᠤᠯᠭᠠᠭᠤᠷᠢ ᠬᠦᠴᠦᠨ ᠮᠥᠨ᠂ ᠪᠦᠭᠦ ᠨᠡᠶᠢᠭᠡᠮ ᠢᠶᠠᠷ ᠢᠶᠠᠨ ᠳᠡᠳᠡᠨ ᠤ ᠦᠢᠯᠡ ᠠᠵᠢᠯᠯᠠᠭ᠎ᠠ ᠶᠢ ᠰᠤᠷᠤᠯᠴᠠᠵᠤ᠂ ᠳᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ᠂ ᠮᠥᠨ ᠴᠢᠨᠠᠷ ᠢᠶᠠᠨ ᠬᠠᠳᠠᠭᠠᠯᠠᠵᠤ᠂ ᠦᠷᠭᠦᠯᠵᠢᠯᠡᠨ ᠴᠢᠷᠮᠠᠶᠢᠵᠤ᠂ ᠲᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠨᠤᠭᠤᠳ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠤᠨ ᠴᠢᠬᠤᠯᠠ ᠶᠠᠷᠢᠶ᠎ᠠ ᠨᠢ 100 ᠵᠢᠯ ᠤᠨ ᠲᠤᠷᠰᠢᠬᠢ ᠨᠠᠮ ᠤᠨ ᠤᠳᠤᠷᠢᠳᠤᠭᠰᠠᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠠᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠨᠤᠲᠠᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠶᠠᠷᠢᠶᠠᠨ ᠳᠤ ᠨᠠᠮ ᠤᠨ ᠲᠥᠪ ᠬᠤᠷᠢᠶ᠎ᠠ ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ ᠳᠣᠲᠣᠨᠣ ᠪᠠᠷ ᠬᠠᠯᠠᠮᠵᠢᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠲᠠᠭᠢᠨ ᠰᠢᠨ᠎ᠡ ᠭᠠᠪᠢᠶ᠎ᠠ ᠪᠠᠶᠢᠭᠤᠯᠤᠨ᠂ ᠲᠠᠭᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠳᠡᠭᠡᠷ᠎ᠡ ᠦᠭᠡ ᠬᠡᠯᠡᠪᠡ᠃
ᠶᠡᠭᠡ ᠬᠤᠷᠠᠯ ᠰᠦᠷ ᠵᠢᠪᠬᠤᠯᠠᠩᠲᠤ《ᠢᠨᠲ᠋ᠧᠷᠨᠠᠼᠢᠣᠨᠠᠯ ᠤᠨ ᠳᠠᠭᠤᠤ》 ᠶᠢᠨ ᠳᠤᠮᠳᠠ ᠲᠡᠭᠦᠰᠪᠡ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠬᠤᠷᠠᠯ ᠳᠤ ᠣᠷᠣᠯᠴᠠᠪᠠ᠃
ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠡᠯ᠎ᠡ ᠮᠤᠵᠢ ᠶᠢᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠥᠯᠥᠭᠡᠯᠡᠭᠴᠢ᠂ 2025 ᠣᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ᠂ ᠥᠩᠭᠡᠷᠡᠭᠰᠡᠨ ᠬᠤᠭᠤᠴᠠᠭᠠᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠵᠡᠷᠭᠡ 3000 ᠭᠠᠷᠤᠢ ᠶᠡᠭᠡ ᠬᠤᠷᠠᠯ ᠳᠤ ᠣᠷᠣᠯᠴᠠᠵᠠᠢ᠃