ᠵᠤᠬᠢᠶᠠᠭᠴᠢ:
ᠴᠠᠭ:2025-04-25
ᠥᠵᠡᠭᠰᠡᠨ : ℃
ᠢᠷᠡᠯᠲᠡ:
ᠰᠢ ᠫᠢᠩ ᠴᠠᠬᠢᠯᠭᠠᠨ ᠴᠢᠮᠡᠭᠡ ᠶᠠᠪᠤᠭᠤᠯᠵᠤ ᠨᠦᠸᠧᠶᠠ ᠶᠢᠨ ᠡᠺᠦ᠋ᠸᠠᠳᠣᠷ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠫᠢᠩ ᠳ᠋ᠠᠨᠨᠢᠷ·ᠨᠦᠸᠧᠶᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠡᠺᠦ᠋ᠸᠠᠳᠣᠷ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃
ᠰᠢ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠣᠶᠢᠷ᠎ᠠ ᠶᠢᠨ ᠵᠢᠯ ᠳᠤ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠠᠢ᠃ ᠡᠨᠡ ᠵᠢᠯ ᠪᠣᠯ ᠳᠤᠮᠳᠠᠳᠤ ᠡᠺᠦ᠋ᠸᠠᠳᠣᠷ ᠤᠨ ᠭᠠᠳᠠᠭᠠᠳᠤ ᠬᠠᠷᠢᠯᠴᠠᠭ᠎ᠠ 45 ᠵᠢᠯ ᠤᠨ ᠣᠢ ᠪᠣᠯᠣᠨ᠎ᠠ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠳᠡᠳ᠋ ᠲᠡᠷᠢᠭᠦᠯᠡᠭᠴᠢ ᠬᠠᠨ ᠵᠧᠩ ᠡᠺᠦ᠋ᠸᠠᠳᠣᠷ ᠤᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠢᠩᠲ᠋ᠦ᠋ᠸᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃