ᠵᠤᠬᠢᠶᠠᠭᠴᠢ:
ᠴᠠᠭ:2025-04-25
ᠥᠵᠡᠭᠰᠡᠨ : ℃
ᠢᠷᠡᠯᠲᠡ:
ᠰᠢ ᠫᠢᠩ ᠭᠠᠪᠤᠨ ᠤ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠡᠸ᠋ᠨᠭᠦᠶᠢᠮᠠ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠫᠢᠩ ᠦᠯᠢᠰ·ᠺᠯᠣᠲ᠋ᠧᠯ·ᠣᠣᠯᠢᠵᠢ·ᠡᠸ᠋ᠨᠭᠦᠶᠢᠮᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠪᠤᠨ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃
ᠰᠢ ᠫᠢᠩ᠂ ᠳᠤᠮᠳᠠᠳᠤ ᠤᠯᠤᠰ ᠪᠣᠯᠣᠨ ᠭᠠᠪᠤᠨ ᠤᠯᠠᠮᠵᠢᠯᠠᠯᠲᠤ ᠨᠥᠬᠦᠷᠰᠡᠭ ᠬᠠᠷᠢᠴᠠᠭ᠎ᠠ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠪᠡ᠃ ᠪᠢ ᠳᠤᠮᠳᠠᠳᠤ ᠤᠯᠤᠰ ᠭᠠᠪᠤᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠡᠸ᠋ᠨᠭᠦᠶᠢᠮᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃