ᠵᠤᠬᠢᠶᠠᠭᠴᠢ:
ᠴᠠᠭ:2025-04-25
ᠥᠵᠡᠭᠰᠡᠨ : ℃
ᠢᠷᠡᠯᠲᠡ:
ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠬᠡᠯᠡᠯᠴᠡᠭᠡ ᠬᠢᠪᠡ
ᠰᠢᠨᠬᠤᠸᠠ ᠬᠤᠷᠢᠶ᠎ᠠ ᠶᠢᠨ 2025 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠫᠨᠤᠮ ᠪᠧᠩ ᠤᠨ ᠡᠩᠬᠡ ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ᠃ ᠬᠤᠶᠠᠷ ᠤᠯᠤᠰ ᠤᠨ ᠤᠳᠤᠷᠢᠳᠬᠤ ᠬᠥᠮᠥᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠦ᠂ 2025 ᠣᠨ ᠪᠣᠯ《ᠳᠤᠮᠳᠠᠳᠤ ᠺᠠᠮᠪᠤᠵᠠ ᠶᠢᠨ ᠵᠢᠭᠤᠯᠴᠢᠯᠠᠯ ᠤᠨ ᠣᠨ》ᠪᠣᠯᠣᠨ᠎ᠠ ᠭᠡᠵᠦ ᠨᠡᠶᠢᠲᠡᠯᠡᠪᠡ᠃
ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠥᠨᠢ ᠤᠳᠠᠭᠠᠨ ᠲᠡᠦᠬᠡ ᠲᠠᠢ᠂ ᠪᠠᠲᠤ ᠪᠠᠬᠢ ᠤᠯᠤᠰ ᠲᠦᠷᠤ ᠶᠢᠨ ᠰᠠᠭᠤᠷᠢ ᠲᠠᠢ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠲᠠᠢ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠤᠯᠤᠰ ᠢᠮᠠᠭᠲᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠺᠠᠮᠪᠤᠵᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠺᠠᠮᠪᠤᠵᠠ ᠶᠢᠨ ᠵᠠᠰᠠᠭ ᠤᠨ ᠣᠷᠳᠣᠨ ᠤ ᠤᠷᠤᠭᠰᠢᠲᠠᠢ ᠪᠠᠷ ᠵᠠᠰᠠᠭ ᠶᠠᠪᠤᠭᠤᠯᠬᠤ ᠶᠢ ᠲᠡᠮᠵᠢᠵᠥ᠂ ᠺᠠᠮᠪᠤᠵᠠ ᠶᠢᠨ ᠬᠢᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠰᠢᠨ᠎ᠡ ᠭᠠᠷᠤᠭ᠎ᠠ ᠪᠤᠯᠭᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ ᠬᠡᠪᠯᠡᠯ ᠤᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠨᠡᠩ ᠥᠨᠳᠥᠷ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠬᠢᠵᠢᠭᠦᠯᠵᠦ᠂ ᠨᠡᠩ ᠥᠨᠳᠥᠷ ᠳᠠᠪᠲᠠᠮᠵᠢᠲᠤ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠵᠦ᠂ ᠨᠡᠩ ᠥᠨᠳᠥᠷ ᠪᠠᠷᠢᠮᠵᠢᠶ᠎ᠠ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠺᠠᠮᠪᠤᠵᠠ ᠶᠢᠨ ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ《2+2》ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠶᠢ ᠰᠠᠶᠢᠲᠤᠷ ᠬᠢᠵᠦ᠂ ᠨᠠᠮ ᠤᠨ ᠬᠤᠭᠤᠷᠣᠨᠳᠣᠭᠢ᠂ ᠬᠠᠤᠯᠢ ᠲᠣᠭᠲᠠᠭᠠᠬᠤ ᠪᠠᠶᠢᠭᠤᠯᠤᠮᠵᠢ ᠵᠡᠷᠭᠡ ᠠᠷᠭ᠎ᠠ ᠵᠠᠮ ᠤᠨ ᠶᠠᠪᠤᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠵᠤ᠂ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠨ᠎ᠡ᠃ ᠬᠤᠶᠠᠷ ᠲᠠᠯ᠎ᠠ ᠪᠠᠷ ᠢᠶᠠᠨ《ᠨᠢᠭᠡ ᠪᠦᠰᠡ ᠨᠢᠭᠡ ᠵᠠᠮ》 ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠶᠡᠭᠡ ᠪᠠᠷ ᠠᠬᠢᠭᠤᠯᠵᠤ᠂《ᠠᠯᠮᠠᠰ ᠵᠢᠷᠭᠤᠭᠠᠨ ᠲᠠᠯ᠎ᠠ》 ᠶᠢᠨ ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠲᠤᠰ ᠲᠤᠰ ᠤᠨ ᠢᠶᠠᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ ᠺᠠᠮᠪᠤᠵᠠ ᠳᠤ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠨᠡᠭᠡᠭᠡᠵᠦ᠂ ᠺᠠᠮᠪᠤᠵᠠ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠡᠩ ᠤᠯᠠᠨ ᠣᠷᠣᠭᠤᠯᠤᠨ᠎ᠠ᠃ ᠬᠤᠶᠠᠷ ᠤᠯᠤᠰ ᠤᠨ ᠠᠷᠠᠳ ᠲᠦᠮᠡᠨ ᠣᠶᠢᠯᠠᠭᠠᠯᠴᠠᠭ᠎ᠠ ᠪᠣᠯᠣᠨ ᠨᠥᠭᠦᠷᠰᠡᠭ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠳᠤᠮᠳᠠᠳᠤ ᠺᠠᠮᠪᠤᠵᠠ ᠶᠢᠨ ᠪᠣᠯᠪᠠᠰᠤᠨ ᠤ ᠰᠣᠯᠢᠯᠴᠠᠭ᠎ᠠ ᠪᠠᠨ ᠬᠠᠷᠢᠯᠴᠠᠨ ᠲᠣᠯᠢ ᠪᠤᠯᠭᠠᠬᠤ ᠶᠢ ᠠᠬᠢᠭᠤᠯᠤᠶ᠎ᠠ᠃ ᠳᠤᠮᠳᠠᠳᠤ ᠤᠯᠤᠰ ᠦᠷᠭᠦᠯᠵᠢᠯᠡᠨ ᠺᠠᠮᠪᠤᠵᠠ ᠳᠤ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠵᠤ᠂ ᠳᠤᠮᠳᠠᠳᠤ ᠺᠠᠮᠪᠤᠵᠠ ᠶᠢᠨ ᠵᠠᠯᠠᠭᠤᠴᠤᠳ ᠤᠨ ᠶᠠᠷᠢᠯᠴᠠᠭ᠎ᠠ ᠰᠣᠯᠢᠯᠴᠠᠭᠠᠨ ᠤ ᠲᠣᠭᠲᠠᠴᠠ ᠶᠢ ᠪᠠᠶᠢᠭᠤᠯᠬᠤ ᠶᠢ ᠳᠡᠮᠵᠢᠵᠦ᠂ ᠣᠷᠣᠨ ᠨᠤᠲᠤᠭ᠂ ᠵᠠᠭᠤᠴᠢᠯᠠᠭᠤᠷ᠂ ᠤᠶᠤᠨ ᠤ ᠬᠥᠮᠥᠷᠭᠡ ᠶᠢᠨ ᠲᠠᠯ᠎ᠠ ᠪᠠᠷ ᠨᠡᠩ ᠤᠯᠠᠨ ᠰᠣᠯᠢᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠢ ᠶᠠᠪᠤᠬᠤ ᠳᠤᠳᠤᠮ ᠣᠶᠢᠷᠠᠲᠤᠭᠤᠯᠵᠤ᠂ ᠶᠠᠪᠤᠬᠤ ᠳᠤᠳᠤᠮ ᠳᠣᠲᠣᠨᠣ ᠪᠣᠯᠭᠠᠨ᠎ᠠ᠃ ᠬᠤᠶᠠᠷ ᠲᠠᠯ᠎ᠠ ᠪᠠᠷ ᠢᠶᠠᠨ ᠨᠡᠩ ᠬᠦᠴᠦᠲᠡᠢ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠳᠤ ᠡᠷᠡᠰ ᠴᠣᠬᠢᠯᠲᠠ ᠥᠭᠴᠦ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠭᠠᠵᠠᠷ ᠣᠷᠣᠨ ᠤ ᠤᠯᠤᠰ ᠤᠳ ᠤᠨ ᠬᠡᠪ ᠤᠨ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠳᠤᠮᠳᠠᠳᠤ ᠺᠠᠮᠪᠤᠵᠠ ᠬᠤᠶᠠᠷ ᠤᠯᠤᠰ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠴᠢᠬᠤᠯᠠ ᠬᠦᠴᠦᠨ ᠪᠣᠯᠤᠭᠰᠠᠨ ᠤ ᠬᠤᠪᠢ ᠳᠤ ᠡᠩᠬᠡ ᠲᠠᠶᠢᠪᠤᠩ᠂ ᠪᠦᠯᠬᠦᠮᠳᠡᠯ᠂ ᠬᠠᠮᠲᠤᠷᠠᠯᠴᠠᠭ᠎ᠠ ᠶᠢᠨ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢᠶᠠᠨ ᠪᠠᠲᠤ ᠰᠠᠬᠢᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ᠃ ᠪᠦᠯᠦᠭᠯᠡᠯ ᠤᠨ ᠡᠰᠡᠷᠭᠦᠴᠡᠯᠳᠦᠯ ᠪᠠ ᠯᠡᠭᠧᠷ ᠤᠨ ᠡᠰᠡᠷᠭᠦᠴᠡᠯᠳᠦᠯ ᠢ ᠡᠷᠡᠰ ᠡᠰᠡᠷᠭᠦᠴᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ᠂ ᠯᠠᠨᠼᠠᠩᠵᠢᠶᠠᠩ ᠮᠥᠷᠡᠨ ᠮᠸᠶᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠤ ᠭᠢᠯᠪᠡᠷ ᠪᠤᠰᠤ ᠪᠠᠷ ᠢᠷᠡᠭᠰᠡᠨ ᠡᠩᠬᠡ ᠲᠠᠶᠢᠪᠤᠩ ᠬᠥᠭᠵᠢᠯᠲᠡ ᠶᠢᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ ᠭᠡᠵᠦ ᠵᠢᠭᠠᠵᠤ ᠭᠠᠷᠭᠠᠪᠠ᠃
ᠬᠤᠩᠮᠠᠨᠠᠢ᠂ ᠺᠠᠮᠪᠤᠵᠠ ᠪᠣᠯᠣᠨ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠬᠠᠨᠳᠤᠭᠰᠠᠭᠠᠷ ᠢᠷᠡᠵᠠᠢ᠂ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠢᠲᠡᠭᠡᠯ ᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠶᠢ ᠭᠦᠨᠵᠡᠭᠡᠶᠢᠷᠡᠭᠦᠯᠵᠦ᠂ ᠺᠠᠮᠪᠤᠵᠠ ᠲᠤᠮᠳᠠᠳᠤ ᠶᠢᠨ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠪᠣᠯᠣᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠳᠤ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠳᠤᠮᠳᠠᠳᠤ ᠤᠯᠤᠰ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤ ᠢᠲᠡᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠺᠠᠮᠪᠤᠵᠠ ᠶᠢᠨ ᠠᠵᠤ ᠠᠬᠤᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠠᠮᠠᠭᠠᠯᠠᠬᠤ ᠶᠢ ᠶᠡᠭᠡ ᠪᠠᠷ ᠳᠡᠮᠵᠢᠵᠦ ᠪᠠᠶᠢᠬᠤ ᠳᠤ ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠵᠢᠷᠤᠮᠯᠠᠵᠤ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠲᠡᠮᠵᠢᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠢᠶᠠᠨ ᠪᠠᠲᠤᠳᠬᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠯᠣᠳ ᠮᠡᠲᠦ ᠪᠠᠲᠤ ᠨᠥᠬᠦᠷᠯᠡᠯ ᠢᠶᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠪᠠ ᠬᠠᠮᠤᠭ ᠤᠨ ᠲᠣᠮᠣ ᠪᠡᠯᠡ ᠣᠷᠣᠭᠤᠯᠤᠯᠲᠠ ᠶᠢᠨ ᠢᠷᠡᠯᠲᠡ ᠤᠯᠤᠰ ᠪᠣᠯᠣᠨ᠎ᠠ᠂ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ᠂ ᠬᠥᠳᠡᠭᠡ ᠠᠵᠤ ᠠᠬᠤᠢ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠮᠡᠬᠡᠯᠡᠯ ᠳᠤ ᠬᠠᠮᠲᠤ ᠪᠠᠷ ᠴᠣᠬᠢᠯᠲᠠ ᠥᠭᠭᠦᠨ᠎ᠡ︔ ᠰᠤᠷᠭᠠᠨ ᠬᠥᠮᠦᠵᠢᠯ᠂ ᠰᠣᠶᠣᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂《ᠺᠠᠮᠪᠤᠵᠠ ᠳᠤᠮᠳᠠᠳᠤ ᠶᠢᠨ ᠵᠢᠭᠤᠯᠴᠢᠯᠠᠯ ᠤᠨ ᠣᠨ》 ᠢ ᠰᠠᠶᠢᠲᠤᠷ ᠡᠷᠭᠢᠯᠡᠨ᠎ᠡ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠦᠵᠡᠭᠦᠯᠦᠭᠰᠡᠨ ᠢᠳᠡᠪᠬᠢᠲᠡᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠨᠣᠯᠵᠢᠬᠤᠨ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠪᠣᠯᠣᠨ《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠲᠡᠮᠵᠢᠨ᠎ᠠ᠃ ᠭᠠᠭᠴᠠ ᠲᠠᠯᠠᠲᠤ ᠦᠵᠡᠯ ᠳᠡᠯᠡᠬᠡᠢ ᠶᠢᠨ ᠪᠠᠶᠢᠳᠠᠯ ᠢ ᠲᠣᠭᠲᠠᠭᠤᠨ ᠪᠤᠰᠤ ᠪᠤᠯᠭᠠᠵᠤ᠂ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠴᠣᠬᠢᠯᠲᠠ ᠳᠤ ᠤᠴᠠᠷᠠᠭᠰᠠᠨ ᠪᠠᠶᠢᠳᠠᠯ ᠤᠨ ᠳᠣᠣᠷ᠎ᠠ᠂ ᠳᠤᠮᠳᠠᠳᠤ ᠤᠯᠤᠰ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠬᠲᠠᠭᠠᠯᠳᠤ ᠴᠢᠨᠠᠷ ᠢ ᠬᠠᠩᠭᠠᠵᠠᠢ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ 30 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠦᠢᠯᠡᠳᠪᠦᠷᠢᠯᠡᠯ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ᠂ ᠵᠣᠬᠢᠶᠠᠮᠠᠯ ᠤᠶᠤᠨ ᠴᠢᠳᠠᠪᠤᠷᠢ᠂ ᠬᠥᠭᠵᠢᠯᠲᠡ ᠳᠤ ᠲᠤᠰᠠᠯᠠᠮᠵᠢ ᠦᠵᠡᠭᠦᠯᠭᠦ᠂ ᠪᠣᠭᠤᠮᠲᠠ ᠶᠢᠨ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ᠂ ᠡᠷᠡᠭᠦᠯ ᠬᠠᠮᠠᠭᠠᠯᠠᠯ᠂ ᠰᠣᠨᠢᠨ ᠮᠡᠳᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃
ᠬᠤᠶᠠᠷ ᠲᠠᠯ᠎ᠠ ᠪᠠᠷ ᠢᠶᠠᠨ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠺᠠᠮᠪᠤᠵᠠ ᠸᠠᠩᠲᠤ ᠤᠯᠤᠰ ᠤᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ》 ᠶᠢ ᠨᠡᠶᠢᠲᠡᠯᠡᠪᠡ᠃
ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃