ᠵᠤᠬᠢᠶᠠᠭᠴᠢ:
ᠴᠠᠭ:2025-04-30
ᠥᠵᠡᠭᠰᠡᠨ : ℃
ᠢᠷᠡᠯᠲᠡ:
ᠰᠢ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ ᠬᠡᠷᠡᠭᠯᠡᠭᠡᠨ ᠤ ᠤᠳᠤᠷᠢᠳᠤᠮᠵᠢ ᠶᠢ ᠲᠣᠪᠤᠶᠢᠯᠭᠠᠵᠤ ᠵᠣᠬᠢᠶᠠᠮᠠᠯ ᠣᠶᠤᠨ ᠴᠢᠳᠠᠪᠤᠷᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 4 ᠰᠠᠷ᠎ᠠ ᠶᠢᠨ 26 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ ᠬᠤᠶᠢᠨ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ ᠵᠧᠩ ᠨᠠᠨ ᠨᠢᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃
ᠰᠢ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠣᠨᠣᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠥᠷᠢᠶ᠎ᠡ ᠳᠤ ᠵᠥᠪ ᠢᠶᠠᠷ ᠬᠠᠨᠳᠤᠵᠤ᠂ ᠨᠡᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠪᠠ ᠡᠨᠧᠷᠭᠢ ᠣᠯᠭᠤᠨ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠫᠢᠩ᠂ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠬᠢᠶᠠᠯ ᠢ ᠡᠵᠡᠮᠳᠡᠵᠦ᠂ ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠣᠨᠣᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠳᠡᠭᠡᠳᠦ ᠳᠡᠰ ᠤᠨ ᠴᠢᠫ᠂ ᠰᠠᠭᠤᠷᠢ ᠵᠥᠭᠡᠯᠡᠨ ᠲᠣᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠣᠶᠤᠨ ᠴᠢᠳᠠᠪᠤᠷᠢ ᠶᠢᠨ ᠰᠠᠭᠤᠷᠢ ᠵᠥᠭᠡᠯᠡᠨ ᠬᠠᠲᠠᠭᠤ ᠲᠣᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠲᠣᠭᠲᠠᠯᠴᠠᠭ᠎ᠠ ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ ᠵᠣᠬᠢᠶᠠᠮᠠᠯ ᠣᠶᠣᠨ ᠴᠢᠳᠠᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠣᠳᠣᠯᠲᠠ ᠶᠢᠨ ᠬᠦᠴᠦᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ ᠪᠦᠲᠦᠭᠡᠭᠳᠡᠭᠦᠨ ᠦ ᠥᠮᠴᠢᠯᠡᠬᠦ ᠡᠷᠬᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠶᠢ ᠴᠢᠯᠦᠭᠡᠲᠡᠢ ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠪᠦᠬᠦ ᠰᠤᠷᠤᠯᠭ᠎ᠠ ᠶᠢᠨ ᠱᠠᠲᠤ ᠦᠶ᠎ᠡ ᠳᠠᠬᠢ ᠵᠢᠭᠠᠨ ᠰᠤᠷᠭᠠᠯᠲᠠ ᠪᠠ ᠪᠦᠬᠦ ᠨᠡᠶᠢᠭᠡᠮ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠵᠢᠭᠠᠨ ᠰᠤᠷᠭᠠᠯᠲᠠ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠᠶᠢᠭᠤᠯᠤᠯ᠂ ᠬᠡᠷᠡᠭᠯᠡᠭᠡᠨ ᠤ ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠮᠡᠷᠭᠡᠵᠢᠯ ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ᠂ ᠨᠠᠶᠢᠳᠠᠪᠤᠷᠢᠲᠠᠢ᠂ ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠣᠯᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠣᠶᠤᠨᠲᠤ ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠦᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠵᠠᠰᠠᠯᠲᠠ ᠶᠢᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃