ᠵᠤᠬᠢᠶᠠᠭᠴᠢ:
ᠴᠠᠭ:2025-05-16
ᠥᠵᠡᠭᠰᠡᠨ : ℃
ᠢᠷᠡᠯᠲᠡ:
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠨ᠎ᠠ
ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ 2025 5 ᠰᠠᠷ᠎ᠠ ᠶᠢᠨ 11 ᠤ ᠡᠳᠦᠷ᠄ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠥᠪᠳᠡᠯᠴᠡᠨ ᠲᠣᠭᠲᠠᠭᠰᠠᠨ ᠢᠶᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ 5 ᠰᠠᠷ᠎ᠠ ᠶᠢᠨ 13 ᠤ ᠡᠳᠦᠷ ᠪᠡᠭᠡᠵᠢᠩ ᠳᠤ ᠶᠠᠪᠤᠭᠳᠠᠨ᠎ᠠ᠃ ᠤᠯᠤᠰ ᠤᠨ ᠲᠡᠷᠢᠭᠦᠯᠡᠭᠴᠢ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠨ᠎ᠠ ᠭᠡᠵᠦ ᠨᠡᠶᠢᠲᠡᠯᠡᠪᠡ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠬᠤᠷᠠᠯ ᠢ ᠡᠷᠭᠢᠯᠡᠨ᠎ᠡ᠃ ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠪᠤᠶᠤ ᠲᠥᠯᠥᠭᠡᠯᠡᠭᠴᠢ᠂ ᠬᠤᠯᠪᠣᠭᠳᠠᠯ ᠪᠦᠬᠦᠢ ᠣᠷᠣᠨ ᠪᠦᠰᠡ ᠶᠢᠨ ᠴᠢᠨᠠᠷᠲᠠᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ᠎ᠠ᠃