ᠵᠤᠬᠢᠶᠠᠭᠴᠢ:
ᠴᠠᠭ:2025-06-03
ᠥᠵᠡᠭᠰᠡᠨ : ℃
ᠢᠷᠡᠯᠲᠡ:
60 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ
ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠣᠷᠣᠨ ᠪᠦᠰᠡ ᠶᠢᠨ ᠣᠨᠴᠠᠯᠢᠭ ᠲᠠᠢ᠂ ᠠᠵᠢᠯ ᠲᠦᠷᠦᠯ ᠤᠨ ᠣᠨᠴᠠᠯᠢᠭ ᠲᠠᠢ᠂ ᠤᠷ᠎ᠠ ᠮᠡᠷᠭᠡᠵᠢᠯ ᠤᠨ ᠣᠨᠴᠠᠯᠢᠭ ᠲᠠᠢ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠢᠳᠡᠪᠬᠢᠲᠡᠢ ᠪᠣᠶᠢᠵᠢᠭᠤᠯᠤᠨ ᠡᠭᠦᠳᠴᠦ᠂ ᠮᠠᠯᠵᠢᠬᠤ ᠲᠠᠷᠢᠶᠠᠯᠠᠬᠤ ᠣᠷᠣᠨ ᠤ ᠭᠦᠳᠡᠯᠮᠦᠷᠢ ᠬᠦᠴᠦᠨ ᠤ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠣᠳᠣᠬᠠᠨ ᠪᠤᠯᠲᠠᠯ᠎ᠠ ᠨᠡᠶᠢᠲᠡ 124 ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠣᠶᠢᠵᠢᠭᠤᠯᠵᠤ᠂ 60 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠨ᠎ᠠ᠃
ᠣᠶᠢᠯᠠᠭᠠᠭᠰᠠᠨ ᠢᠶᠠᠷ᠂ ᠥᠪᠥᠷ ᠮᠣᠩᠭᠤᠯ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠥᠭᠵᠢᠭᠦᠯᠬᠦ ᠶᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠬᠦ ᠯᠦᠭᠡ ᠬᠠᠷᠢᠯᠴᠠᠨ ᠤᠶᠠᠯᠳᠤᠭᠤᠯᠬᠤ᠂ ᠤᠷ᠎ᠠ ᠴᠢᠳᠠᠪᠤᠷᠢ ᠶᠢᠨ ᠲᠥᠷᠥᠯ ᠲᠡᠮᠳᠡᠭ ᠪᠠ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠠᠷᠢᠯᠴᠠᠨ ᠤᠶᠠᠯᠳᠤᠭᠤᠯᠬᠤ᠂ ᠣᠨᠴᠠᠯᠢᠭᠲᠤ ᠲᠥᠷᠥᠯ ᠲᠡᠮᠳᠡᠭ ᠪᠠ ᠭᠠᠵᠠᠷ ᠣᠷᠣᠨ ᠤ ᠲᠥᠷᠥᠯ ᠲᠡᠮᠳᠡᠭ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠ ᠳᠡᠭᠡᠳᠦ ᠲᠠᠰ ᠤᠨ ᠤᠷ᠎ᠠ ᠴᠢᠳᠠᠪᠤᠷᠢ᠂ ᠴᠢᠨᠠᠷ ᠰᠠᠶᠢᠲᠠᠢ ᠦᠢᠯᠡᠴᠢᠯᠡᠭᠡ᠂ ᠰᠣᠶᠣᠯ ᠪᠠ ᠵᠢᠭᠤᠯᠴᠢᠯᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠣᠨᠴᠠᠯᠢᠭᠲᠤ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠬᠦᠴᠦᠯᠡᠨ ᠪᠤᠶ ᠪᠣᠯᠭᠠᠪᠠ᠃《ᠢᠯᠡᠷᠡᠭᠦᠯᠬᠦ ︱ ᠪᠣᠶᠢᠵᠢᠭᠤᠯᠬᠤ ︱ ᠳᠡᠭᠡᠭᠰᠢᠯᠡᠭᠦᠯᠭᠦ ︱ ᠪᠤᠵᠠᠭᠠᠶᠢᠷᠠᠭᠤᠯᠬᠤ》ᠵᠠᠭᠪᠤᠷ ᠶᠣᠰᠣᠭᠠᠷ᠂ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠣᠶᠢᠵᠢᠭᠤᠯᠬᠤ ᠲᠤᠰᠬᠠᠢ ᠠᠵᠢᠯᠯᠠᠭ᠎ᠠ ᠶᠢ ᠠᠯᠬᠤᠮ ᠬᠤᠪᠢᠶᠠᠨ ᠶᠠᠪᠤᠭᠳᠠᠭᠤᠯᠵᠤ᠂ ᠣᠳᠣᠬᠠᠨ ᠪᠤᠯᠳᠠᠯ᠎ᠠ ᠪᠦᠭᠦ ᠣᠷᠣᠨ ᠳᠤ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ 74 ᠪᠣᠶᠢᠵᠢᠭᠤᠯᠤᠨ ᠡᠭᠦᠳᠪᠡ᠃ ᠡᠭᠦᠨ ᠳᠤ《ᠬᠢᠩᠭᠠᠨ ᠤ ᠭᠡᠷ ᠤᠨ ᠶᠠᠪᠤᠳᠠᠯ ᠤᠨ ᠦᠢᠯᠡᠴᠢᠯᠡᠭᠡ》ᠵᠡᠷᠭᠡ 16 ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠪᠦᠭᠦ ᠤᠯᠤᠰ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠤᠨ ᠬᠥᠭᠵᠢᠯᠲᠡ ᠶᠢᠨ ᠶᠡᠭᠡ ᠬᠤᠷᠠᠯ᠂《ᠬᠤᠷᠴᠢᠨ ᠤ ᠤᠯᠠᠭᠠᠨ ᠦᠬᠡᠷ ᠤᠨ ᠠᠵᠤ ᠦᠢᠯᠡᠰ ᠤᠨ ᠠᠵᠢᠯᠴᠢᠨ》ᠵᠡᠷᠭᠡ ᠭᠦᠳᠡᠯᠮᠤᠷᠢ ᠦᠢᠯᠡᠴᠢᠯᠡᠭᠡᠨ ᠤ ᠳᠦᠷᠦᠯ ᠵᠦᠢᠯ ᠨᠢ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠤᠨ ᠰᠣᠯᠢᠯᠴᠠᠭᠠᠨ ᠤ ᠠᠵᠢᠯᠯᠠᠭ᠎ᠠ ᠪᠠ ᠥᠪᠥᠷ ᠮᠣᠩᠭᠤᠯ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠡᠭᠡᠵᠢᠩ ᠳᠤ ᠣᠷᠣᠭᠤᠯᠵᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠵᠠᠢ ᠃
ᠡᠭᠦᠨ ᠤ ᠬᠠᠮᠲᠤ᠂ ᠥᠪᠥᠷ ᠮᠣᠩᠭᠤᠯ ᠪᠡᠭᠡᠵᠢᠩ ᠬᠤᠲᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠲᠣᠭᠤᠷᠢᠭ ᠲᠠᠢ ᠬᠠᠮᠲᠤᠷᠠᠨ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠲᠠᠢ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠲᠣᠪᠣᠶᠢᠮ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠬᠤ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠣᠶᠢᠵᠢᠭᠤᠯᠵᠤ᠂ ᠭᠦᠳᠡᠯᠮᠦᠷᠢ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠭᠦᠯᠦᠨ᠂ ᠭᠦᠳᠡᠯᠮᠦᠷᠢ ᠦᠢᠯᠡᠴᠢᠯᠡᠭᠡᠨ ᠤ ᠭᠠᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ ᠪᠠᠰᠠ ᠭᠡᠷ ᠤᠨ ᠶᠠᠪᠤᠳᠠᠯ ᠤᠨ ᠦᠢᠯᠡᠴᠢᠯᠡᠭᠡᠨ ᠤ ᠭᠦᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠡᠮᠬᠢ ᠵᠢᠷᠤᠮ ᠲᠠᠢ ᠪᠠᠷ ᠰᠢᠯᠵᠢᠭᠦᠯᠦᠨ ᠠᠵᠢᠯ ᠣᠯᠭᠤᠬᠤ ᠶᠢ ᠳᠡᠮᠵᠢᠬᠦ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠥᠪᠡᠷᠮᠢᠴᠡ ᠣᠨᠴᠠᠯᠢᠭ ᠲᠠᠢ᠂ ᠬᠡᠪᠴᠢᠶᠡᠵᠢᠯ ᠲᠠᠢ᠂ ᠨᠥᠯᠥᠭᠡᠯᠡᠬᠦ ᠬᠦᠴᠦᠨ ᠲᠠᠢ ᠭᠡᠷ ᠤᠨ ᠶᠠᠪᠤᠳᠠᠯ ᠤᠨ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠢᠳᠡᠪᠬᠢᠲᠡᠢ ᠪᠠᠷ ᠪᠣᠶᠢᠵᠢᠭᠤᠯᠵᠤ᠂ ᠨᠠᠩ ᠣᠯᠠᠨ ᠬᠤᠲᠠ ᠬᠥᠳᠡᠭᠡ ᠶᠢᠨ ᠭᠦᠳᠡᠯᠮᠦᠷᠢ ᠬᠦᠴᠦᠨ ᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠠᠵᠢᠯ ᠣᠯᠬᠤ ᠶᠢ ᠬᠥᠲᠥᠯᠥᠨ ᠵᠢᠯᠤᠭᠤᠳᠴᠤ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠪᠠ᠃