ᠵᠤᠬᠢᠶᠠᠭᠴᠢ:
ᠴᠠᠭ:2025-06-10
ᠥᠵᠡᠭᠰᠡᠨ : ℃
ᠢᠷᠡᠯᠲᠡ:
ᠠᠮᠧᠷᠢᠺᠠ ᠶᠢᠨ ᠶᠡᠷᠦᠩᠬᠡᠶᠢᠯᠡᠭᠴᠢ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 6 ᠰᠠᠷ᠎ᠠ ᠶᠢᠨ 5 ᠤ ᠴᠠᠭᠢᠯᠭᠠᠨ ᠮᠡᠳᠡᠭᠡ 6 ᠰᠠᠷ᠎ᠠ ᠶᠢᠨ 5 ᠤ ᠣᠷᠣᠢ᠂ ᠤᠯᠤᠰ ᠤᠨ ᠲᠡᠷᠢᠭᠦᠯᠡᠭᠴᠢ ᠪᠣᠯᠵᠤᠭ᠎ᠠ ᠶᠣᠰᠣᠭᠠᠷ ᠠᠮᠧᠷᠢᠺᠠ ᠶᠢᠨ ᠶᠡᠷᠦᠩᠬᠡᠶᠢᠯᠡᠭᠴᠢ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ᠃
᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠮᠣ ᠣᠩᠭᠤᠴᠠ ᠶᠢᠨ ᠠᠶᠠᠯᠠᠯ ᠤᠨ ᠴᠢᠭᠯᠡᠯ ᠢ ᠵᠠᠯᠠᠷᠠᠭᠤᠯᠬᠤ ᠳᠤ᠂ ᠪᠢᠳᠠ ᠵᠠᠯᠠᠭᠤᠷ ᠢᠶᠠᠨ ᠰᠠᠶᠢᠲᠤᠷ ᠡᠵᠡᠮᠳᠡᠵᠦ᠂ ᠴᠢᠭᠯᠡᠯ ᠢᠶᠠᠨ ᠰᠠᠶᠢᠲᠤᠷ ᠲᠣᠭᠲᠠᠭᠠᠬᠤ ᠴᠢᠬᠤᠯᠠᠲᠠᠢ᠂ ᠢᠯᠠᠩᠭᠤᠶ᠎ᠠ ᠡᠯ᠎ᠡ ᠵᠦᠢᠯ ᠤᠨ ᠬᠠᠷᠰᠢᠯᠠᠯ ᠴᠢᠨᠠᠭᠰᠢᠯᠠᠪᠠᠯ ᠡᠪᠳᠡᠯᠡᠭᠡ ᠶᠢ ᠠᠷᠢᠯᠭᠠᠬᠤ ᠴᠢᠬᠤᠯᠠᠲᠠᠢ᠂ ᠡᠨᠡ ᠨᠢ ᠲᠤᠶᠢᠯ ᠤᠨ ᠴᠢᠬᠤᠯᠠ ᠶᠤᠮ᠃ ᠠᠮᠧᠷᠢᠺᠠ ᠶᠢᠨ ᠬᠢᠨ ᠤ ᠳᠤᠷᠠᠳᠤᠯᠭ᠎ᠠ ᠪᠠᠷ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠳᠠᠭᠠᠭᠤᠯᠤᠭᠴᠢ ᠵᠧᠨ᠋ᠸᠧᠠ ᠳᠤ ᠬᠡᠯᠡᠯᠴᠡᠭᠡ ᠬᠢᠵᠦ᠂ ᠶᠠᠷᠢᠯᠴᠠᠭ᠎ᠠ ᠵᠥᠪᠳᠡᠯᠴᠡᠭᠡ ᠪᠠᠷ ᠲᠠᠮᠵᠢᠨ ᠠᠵᠤ ᠠᠬᠤᠢ ᠠᠷᠠᠯᠵᠢᠶᠠᠨ ᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠨᠢᠭᠡ ᠠᠯᠬᠤᠮ ᠢ ᠠᠯᠬᠤᠵᠤ᠂ ᠬᠤᠶᠠᠷ ᠤᠯᠤᠰ ᠤᠨ ᠡᠯ᠎ᠡ ᠡᠲᠡᠭᠡᠳ ᠪᠣᠯᠣᠨ ᠳᠡᠯᠡᠬᠡᠢ ᠨᠡᠶᠢᠭᠡᠮ ᠤᠨ ᠨᠡᠶᠢᠳᠡᠮ ᠤᠨ ᠬᠦᠷᠢᠶᠡᠯᠡᠯ ᠢ ᠣᠯᠣᠭᠰᠠᠨ ᠪᠥᠭᠡᠳ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠣᠯ ᠭᠠᠭᠴᠠ ᠵᠥᠪ ᠰᠣᠩᠭᠤᠯᠲᠠ ᠪᠤᠯᠬᠤ ᠶᠢ ᠭᠡᠷᠡᠴᠢᠯᠡᠪᠡ᠃ ᠬᠤᠶᠠᠷ ᠲᠠᠯ᠎ᠠ ᠪᠠᠷ ᠢᠶᠠᠨ ᠨᠢᠭᠡᠨᠲᠡ ᠪᠠᠶᠢᠭᠤᠯᠤᠭᠰᠠᠨ ᠠᠵᠤ ᠠᠬᠤᠢ ᠠᠷᠠᠯᠵᠢᠶᠠᠨ ᠤ ᠵᠥᠪᠳᠡᠯᠴᠡᠭᠡᠨ ᠤ ᠲᠣᠭᠲᠠᠴᠠ ᠶᠢ ᠰᠠᠶᠢᠲᠤᠷ ᠠᠰᠢᠭᠯᠠᠵᠤ᠂ ᠡᠷᠬᠡ ᠲᠡᠭᠰᠢ ᠣᠪᠣᠷ ᠢ ᠪᠠᠷᠢᠮᠲᠠᠯᠠᠵᠤ᠂ ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠭᠦᠨᠳᠦᠳᠭᠡᠵᠦ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠦᠷ᠎ᠡ ᠳ᠋ᠦᠩ ᠢ ᠣᠯᠬᠤ ᠪᠠᠷ ᠴᠢᠷᠮᠠᠶᠢᠶ᠎ᠠ᠃ ᠡᠭᠦᠨ ᠳᠤ ᠳᠤᠮᠳᠠᠳᠤ ᠤᠯᠤᠰ ᠦᠨᠡᠨᠴᠢ ᠰᠡᠳᠬᠢᠯ ᠲᠠᠢ ᠪᠥᠭᠡᠳ ᠵᠠᠷᠴᠢᠮ ᠲᠠᠢ ᠶᠤᠮ᠃ ᠳᠤᠮᠳᠠᠳᠤᠴᠤᠳ ᠶᠡᠷᠦ ᠠᠴᠠ ᠬᠡᠯᠡᠭᠰᠡᠨ ᠳᠡᠭᠡᠨ ᠰᠠᠭᠤᠵᠤ᠂ ᠬᠢᠭᠰᠡᠨ ᠳᠡᠭᠡᠨ ᠵᠠᠪᠠᠯ ᠭᠦᠷᠳᠡᠭ᠂ ᠬᠠᠮᠲᠤ ᠶᠢᠨ ᠲᠠᠨᠢᠯᠲᠠ ᠲᠠᠢ ᠪᠣᠯᠤᠭᠰᠠᠨ ᠶᠤᠮ ᠴᠢᠨᠢ ᠬᠤᠶᠠᠷ ᠲᠠᠯ᠎ᠠ ᠪᠠᠷ ᠢᠶᠠᠨ ᠴᠥᠮ ᠵᠢᠷᠤᠮᠯᠠᠪᠠᠯ ᠵᠣᠬᠢᠨ᠎ᠠ᠃ ᠵᠧᠨ᠋ᠸᠧᠠ ᠶᠢᠨ ᠬᠡᠯᠡᠯᠴᠡᠭᠡ ᠶᠢᠨ ᠲᠠᠷᠠᠭ᠎ᠠ᠂ ᠳᠤᠮᠳᠠᠳᠤ ᠤᠯᠤᠰ ᠵᠥᠪᠯᠡᠯᠴᠡᠭᠡᠷ ᠢ ᠲᠥᠪ ᠴᠢᠩᠭ᠎ᠠ ᠨᠠᠷᠢᠨ ᠬᠢᠨᠠᠮᠠᠭᠠᠢ ᠬᠡᠷᠡᠭᠵᠢᠭᠦᠯᠪᠡ᠃ ᠠᠮᠧᠷᠢᠺᠠ ᠶᠢᠨ ᠬᠢᠨ ᠦᠨᠡᠨ ᠠᠴᠠ ᠵᠥᠪ ᠢ ᠡᠷᠢᠵᠦ ᠳᠤᠮᠳᠠᠳᠤ ᠤᠯᠤᠰ ᠲᠤ ᠠᠪᠤᠭᠰᠠᠨ ᠨᠠᠵᠠᠭᠠᠢ ᠠᠷᠭ᠎ᠠ ᠬᠡᠮᠵᠢᠶ᠎ᠡ ᠪᠠᠨ ᠬᠦᠴᠦᠨ ᠦᠭᠡᠢ ᠪᠣᠯᠭᠠᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠴᠡᠷᠢᠭ ᠠᠩᠭᠢ᠂ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ ᠤ ᠰᠣᠯᠢᠯᠴᠠᠭ᠎ᠠ ᠪᠠᠨ ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠠᠳᠡᠭᠦᠷᠡᠯ ᠢᠶᠠᠨ ᠪᠠᠭᠠᠰᠬᠠᠵᠤ᠂ ᠬᠠᠮᠲᠤᠷᠠᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ᠃
᠂ ᠠᠮᠧᠷᠢᠺᠠ ᠶᠢᠨ ᠬᠢᠨ ᠲᠠᠶᠢᠸᠠᠨ ᠤ ᠠᠰᠠᠭᠤᠳᠠᠯ ᠢ ᠪᠣᠯᠭᠤᠮᠵᠢᠲᠠᠢ ᠰᠢᠢᠳᠪᠦᠷᠢᠯᠡᠵᠦ᠂ ᠲᠤᠶᠢᠯ ᠤᠨ ᠴᠥᠭᠡᠨ ᠲᠣᠭᠠᠨ ᠤ《ᠲᠠᠶᠢᠸᠠᠨ ᠢ ᠲᠤᠰᠠᠭᠠᠷ ᠲᠣᠭᠲᠠᠨᠢᠭᠤᠯᠬᠤ》ᠬᠠᠭᠠᠴᠠᠭᠤᠯᠬᠤ ᠡᠲᠡᠭᠡᠳ ᠨᠢ ᠳᠤᠮᠳᠠᠳᠤ ᠠᠮᠧᠷᠢᠺᠠ ᠬᠤᠶᠠᠷ ᠤᠯᠤᠰ ᠢ ᠮᠥᠷᠭᠦᠯᠳᠦᠭᠡᠨ ᠡᠰᠡᠷᠭᠦᠴᠡᠯᠳᠦᠯ ᠤᠨ ᠠᠶᠤᠯᠲᠤ ᠪᠠᠶᠢᠳᠠᠯ ᠳᠤ ᠣᠷᠣᠭᠤᠯᠬᠤ ᠠᠴᠠ ᠵᠠᠶᠢᠯᠠᠰᠬᠢᠪᠡᠯ ᠵᠣᠬᠢᠨ᠎ᠠ ᠭᠡᠵᠦ ᠴᠢᠬᠤᠯᠠᠴᠢᠯᠠᠪᠠ᠃
ᠲᠧᠷᠠᠮᠫᠦ᠋᠂ ᠲᠡᠷᠢᠭᠦᠯᠡᠭᠴᠢ ᠢ ᠮᠠᠰᠢ ᠭᠦᠨᠳᠦᠳᠭᠡᠵᠤ ᠪᠠᠶᠢᠨ᠎ᠠ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠲᠤᠶᠢᠯ ᠤᠨ ᠴᠢᠬᠤᠯᠠ ᠶᠤᠮ᠃ ᠠᠮᠧᠷᠢᠺᠠ ᠶᠢᠨ ᠬᠢᠨ ᠳᠤᠮᠳᠠᠳᠤ ᠤᠯᠤᠰ ᠤᠨ ᠠᠵᠤ ᠠᠬᠤᠢ ᠬᠦᠴᠦᠲᠡᠢ ᠨᠡᠮᠡᠭᠳᠡᠯ ᠢᠶᠠᠨ ᠪᠠᠲᠤᠯᠠᠬᠤ ᠶᠢ ᠣᠯᠵᠤ ᠬᠠᠷᠠᠬᠤ ᠳᠤᠷᠠᠲᠠᠢ᠃ ᠠᠮᠧᠷᠢᠺᠠ ᠳᠤᠮᠳᠠᠳᠤ ᠬᠠᠮᠲᠤᠷᠠᠯᠴᠠᠨ ᠮᠠᠰᠢ ᠤᠯᠠᠨ ᠰᠠᠶᠢᠨ ᠶᠠᠪᠤᠳᠠᠯ ᠢ ᠪᠦᠲᠦᠭᠡᠵᠦ ᠪᠣᠯᠣᠨ᠎ᠠ᠃ ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠶᠠᠷ ᠤᠯᠤᠰ ᠤᠨ ᠵᠧᠨ᠋ᠸᠧᠠ ᠶᠢᠨ ᠠᠵᠤ ᠠᠬᠤᠢ ᠠᠷᠠᠯᠵᠢᠶᠠᠨ ᠤ ᠬᠡᠯᠡᠯᠴᠡᠭᠡ ᠮᠠᠰᠢ ᠠᠮᠵᠢᠯᠲᠠᠲᠠᠢ ᠶᠠᠪᠤᠭᠳᠠᠵᠤ᠂ ᠰᠠᠶᠢᠨ ᠵᠥᠪᠯᠡᠯᠴᠡᠭᠡᠷ ᠲᠣᠭᠲᠠᠪᠠ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠴᠢᠷᠮᠠᠶᠢᠵᠤ ᠵᠥᠪᠯᠡᠯᠴᠡᠭᠡᠷ ᠢ ᠨᠠᠶᠢᠳᠠᠪᠤᠷᠢᠵᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠤᠨ ᠰᠤᠷᠤᠬᠴᠢᠳ ᠠᠮᠧᠷᠢᠺᠠ ᠳᠤ ᠢᠷᠡᠵᠦ ᠰᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃
ᠲᠧᠷᠠᠮᠫᠦ᠋ ᠶᠢᠨ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠤ ᠶᠢ ᠪᠠᠶᠠᠷᠯᠠᠨ ᠤᠭᠲᠤᠪᠠ᠂ ᠲᠧᠷᠠᠮᠫᠦ᠋ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠵᠧᠨ᠋ᠸᠧᠠ ᠶᠢᠨ ᠬᠠᠮᠲᠤ ᠶᠢᠨ ᠲᠠᠨᠢᠯᠲᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠠᠯᠢ ᠲᠦᠷᠭᠡᠨ ᠢᠶᠠᠷ ᠰᠢᠨ᠎ᠡ ᠨᠢᠭᠡ ᠡᠭᠡᠯᠵᠢ ᠶᠢᠨ ᠬᠡᠯᠡᠯᠴᠡᠭᠡ ᠬᠢᠬᠦ ᠶᠢ ᠵᠥᠪᠰᠢᠶᠡᠷᠡᠪᠡ᠃