ᠵᠤᠬᠢᠶᠠᠭᠴᠢ:
ᠴᠠᠭ:2025-06-13
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠣᠶᠢᠷ᠎ᠠ ᠳᠤ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠮᠡᠳᠡᠭᠳᠡᠯ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂《ᠭᠦᠨᠵᠡᠭᠡᠢ》ᠪᠠ 《ᠪᠣᠳᠠᠲᠠᠢ》ᠪᠠᠶᠢᠬᠤ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠤᠯᠴᠠᠯᠭ᠎ᠠ ᠬᠥᠮᠦᠵᠢᠯ ᠳᠤ ᠳᠤᠷᠠᠳᠤᠭᠰᠠᠨ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠵᠤ᠂ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠵᠤ᠂ ᠪᠣᠳᠠᠲᠠᠢ ᠨᠠᠶᠢᠳᠠᠪᠤᠷᠢᠵᠢᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠵᠤ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ《ᠤᠬᠲᠤ ᠠᠭᠤᠴᠢᠯᠠᠬᠤ ᠦᠭᠡᠢ》ᠪᠠᠶᠢᠵᠤ᠂ ᠦᠨᠡᠨ ᠬᠦ ᠬᠢᠵᠦ᠂ ᠴᠢᠩᠭ᠎ᠠ ᠴᠣᠬᠢᠯᠲᠠ ᠥᠭᠴᠦ᠂《ᠬᠠᠷᠢᠯᠴᠠᠨ ᠵᠠᠯᠠᠵᠤ ᠢᠳᠡᠵᠦ ᠤᠤᠭᠤᠬᠤ》《ᠠᠵᠤ ᠠᠬᠤᠶᠢᠯᠠᠯ ᠢ ᠢᠳᠡᠬᠦ》《ᠳᠣᠣᠷ᠎ᠠ ᠱᠠᠲᠤ ᠪᠠᠨ ᠢᠳᠡᠬᠦ》ᠵᠡᠷᠭᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠵᠣᠷᠢᠭᠤᠳᠠ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠴᠤᠬᠤᠶᠢᠮᠠᠬᠴᠠ ᠴᠣᠬᠢᠯᠲᠠ ᠥᠭᠴᠦ᠂ ᠤᠬᠳᠤ ᠠᠭᠤᠴᠢᠯᠠᠬᠤ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠲᠣᠭᠤᠷᠢᠨ ᠪᠠᠶᠢᠴᠠᠭᠠᠬᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠢ ᠶᠡᠷᠦᠩᠬᠡᠢ ᠱᠦᠵᠢ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠴᠢᠩᠭ᠎ᠠ ᠪᠠᠷᠢᠮᠵᠢᠶᠠᠯᠠᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠠᠳᠠᠯᠢ ᠴᠢᠭᠯᠡᠯ ᠢᠶᠠᠷ ᠬᠦᠴᠦᠯᠡᠵᠦ᠂ ᠠᠳᠠᠯᠢ ᠰᠡᠳᠦᠪ ᠲᠤ ᠬᠠᠮᠲᠤ ᠪᠠᠷ ᠬᠠᠷᠢᠭᠤᠯᠲᠠ ᠥᠭᠴᠦ᠂ ᠲᠠᠪᠤᠨ ᠶᠡᠭᠡ ᠡᠭᠦᠷᠭᠡ ᠶᠢ ᠠᠬᠢᠭᠤᠯᠬᠤ ᠳᠤ ᠣᠷᠣᠰᠢᠵᠤ ᠪᠠᠶᠢᠭ᠎ᠠ ᠵᠥᠷᠢᠶ᠎ᠡ ᠶᠢ ᠭᠦᠨᠵᠡᠭᠡᠢ ᠪᠠᠶᠢᠴᠠᠭᠠᠨ ᠨᠠᠷᠢᠨ ᠰᠤᠳᠤᠯᠵᠤ᠂ ᠬᠠᠨᠳᠤᠯᠭᠠᠲᠤ ᠴᠢᠨᠠᠷᠲᠠᠢ ᠪᠠᠷ ᠠᠵᠢᠯ ᠢᠶᠠᠨ ᠰᠠᠶᠢᠵᠢᠷᠠᠭᠤᠯᠬᠤ ᠬᠡᠷᠡᠭᠲᠡᠢ᠃ ᠠᠰᠠᠭᠤᠳᠠᠯ ᠢ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠭᠡᠰᠡᠨ ᠴᠤ ᠲᠡᠷᠡ ᠡᠰᠡᠬᠦᠯ᠎ᠡ ᠵᠠᠬᠢᠳᠠᠯ ᠰᠤᠷᠪᠤᠯᠵᠢᠯᠠᠯ ᠤᠨ ᠤᠴᠢᠷ ᠶᠠᠪᠤᠳᠠᠯ ᠢ ᠰᠢᠢᠳᠪᠦᠷᠢᠯᠡᠬᠦ ᠳᠤ ᠴᠦ ᠲᠡᠷᠡ᠂ ᠴᠥᠮ《ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ》ᠪᠠ《ᠨᠢᠭᠡ 》 ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠴᠠᠯᠢᠩ ᠢ ᠥᠷᠢᠲᠦᠬᠦ ᠵᠡᠷᠭᠡ ᠬᠦᠷᠢᠶᠡᠨ ᠳᠠᠬᠢ ᠠᠰᠠᠭᠤᠳᠠᠯ ᠢ ᠢᠮᠠᠭᠲᠠ ᠰᠤᠯᠠᠷᠠᠰᠢ ᠦᠭᠡᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠪᠦᠭᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠤᠷᠲᠠᠯ ᠠᠴᠠ ᠡᠬᠢᠯᠡᠨ ᠴᠡᠭᠴᠡᠯᠡᠨ ᠰᠠᠶᠢᠵᠢᠷᠠᠭᠤᠯᠵᠤ᠂ ᠠᠵᠢᠯ ᠢ ᠤᠳᠠᠭᠠᠨ ᠪᠠᠶᠢᠭᠰᠠᠨ ᠠᠴᠠ ᠨᠢ ᠲᠦᠷᠭᠡᠨ ᠬᠢᠬᠦ ᠪᠤᠯᠭᠠᠵᠤ᠂ ᠪᠦᠳᠦᠭᠦᠯᠢᠭ ᠪᠠᠶᠢᠭᠰᠠᠨ ᠠᠴᠠ ᠨᠢ ᠨᠠᠷᠢᠯᠢᠭ ᠪᠤᠯᠭᠠᠵᠤ᠂ ᠬᠡᠶᠢᠰᠪᠦᠷᠢ ᠪᠠᠶᠢᠭᠰᠠᠨ ᠠᠴᠠ ᠨᠢ ᠪᠣᠳᠠᠲᠠᠢ ᠪᠤᠯᠭᠠᠵᠤ᠂ ᠬᠤᠯᠪᠤᠭᠠᠯᠠᠨ ᠬᠥᠳᠡᠯᠦᠯᠴᠡᠵᠦ ᠳᠤᠲᠠᠭᠤᠳᠠᠯ ᠢᠶᠠᠨ ᠨᠥᠬᠦᠪᠦᠷᠢᠯᠡᠵᠦ᠂ ᠳᠠᠭᠢᠨ ᠶᠠᠳᠠᠭᠤᠷᠠᠬᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠨᠠᠷᠢᠯᠢᠭ ᠣᠨᠣᠴᠠᠲᠠᠢ ᠪᠠᠷ ᠬᠢᠨᠠᠨ ᠬᠡᠮᠵᠢᠵᠦ᠂ ᠡᠳ᠋ ᠬᠥᠷᠥᠩᠭᠡ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠰᠤᠳᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ 《ᠰᠤᠷᠭᠠᠭᠤᠯᠢ ᠶᠢᠨ ᠬᠦᠷᠢᠶᠡᠨ ᠤ ᠬᠤᠭᠤᠯᠠ》᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠰᠠᠵᠤ᠂ ᠨᠠᠷᠢᠨ ᠬᠢᠨᠠᠮᠠᠭᠠᠢ ᠨᠠᠷᠢᠯᠢᠭ ᠬᠢᠵᠦ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ᠂ ᠨᠢᠭᠡ ᠠᠰᠠᠭᠤᠳᠠᠯ ᠢ ᠴᠡᠭᠴᠡᠯᠡᠨ ᠵᠠᠰᠠᠬᠤ ᠪᠠᠷ ᠲᠠᠮᠵᠢᠨ ᠨᠢᠭᠡ ᠬᠦᠷᠢᠶ᠎ᠡ ᠴᠠᠷᠠᠭ᠎ᠠ ᠶᠢ ᠵᠢᠷᠤᠮᠵᠢᠭᠤᠯᠵᠤ᠂ ᠤᠯᠠᠨ ᠲᠦᠮᠡᠨ ᠳᠤ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃