ᠵᠤᠬᠢᠶᠠᠭᠴᠢ:
ᠴᠠᠭ:2025-06-13
ᠥᠵᠡᠭᠰᠡᠨ : ℃
ᠢᠷᠡᠯᠲᠡ:
ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠲᠤᠭᠤᠶᠢᠯᠠᠩ ᠠᠴᠠ ᠦᠪᠣᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠳᠤ ᠠᠷᠪᠠᠨ ᠨᠢᠭᠡᠲᠦᠭᠡᠷ ᠪᠦᠯᠥᠭ ᠤᠨ ᠲᠦᠮᠡᠨ ᠤ ᠵᠠᠬᠢᠲᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠤᠭ᠍ᠰᠡᠨ 27 ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠵᠠᠢ
2025 6 ᠰᠠᠷ᠎ᠠ ᠶᠢᠨ 8 ᠤ ᠡᠳᠤᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠲᠤᠭᠤᠶᠢᠯᠠᠩ ᠠᠴᠠ ᠦᠪᠣᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠳᠤ ᠠᠷᠪᠠᠨ ᠨᠢᠭᠡᠲᠦᠭᠡᠷ ᠪᠦᠯᠥᠭ ᠤᠨ ᠵᠠᠬᠢᠲᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠤᠭ᠍ᠰᠡᠨ 27 ᠬᠡᠷᠡᠭ︵ᠭᠤᠣᠯᠳᠠᠯᠭ᠎ᠠ ᠲᠠᠢ ᠠᠩᠬᠠᠷᠬᠤ 2︶ ᠢ ᠰᠢᠢᠳᠪᠦᠷᠢᠯᠡᠭᠦᠯᠬᠦ ᠪᠠᠷ ᠲᠣᠰᠢᠶᠠᠵᠠᠢ᠂ ᠡᠭᠦᠨ ᠳᠤ ᠤᠲᠡᠰᠤ ᠪᠠᠷ ᠢᠯᠡᠴᠢᠯᠡᠨ ᠮᠡᠳᠡᠭᠦᠯᠦᠭᠰᠡᠨ ᠬᠡᠷᠡᠭ 21᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠠᠨ ᠬᠡᠷᠡᠭ 6 ᠪᠣᠢ᠃ ᠲᠣᠰ ᠪᠦᠯᠥᠭ ᠤᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠤᠭ᠍ᠰᠡᠨ ᠬᠡᠷᠡᠭ ᠲᠤ ᠬᠥᠬᠡᠬᠤᠲᠠ ᠳᠤ ᠬᠤᠯᠪᠣᠭᠲᠠᠬᠤ 6᠂ ᠪᠣᠭᠤᠲᠤ ᠬᠤᠲᠠ ᠳᠤ ᠬᠤᠯᠪᠣᠭᠳᠠᠬᠤ 2᠂ ᠬᠦᠯᠤᠨ ᠪᠣᠶᠢᠷ ᠬᠤᠲᠠ ᠳᠤ ᠬᠤᠯᠪᠣᠭᠳᠠᠬᠤ 1᠂ ᠬᠢᠩᠭᠠᠨ ᠠᠶᠢᠮᠠᠭ ᠲᠤ ᠬᠤᠯᠪᠣᠭᠳᠠᠬᠤ 3᠂ ᠲᠦᠩᠯᠢᠶᠣᠤ ᠬᠤᠲᠠ ᠳᠤ ᠬᠤᠯᠪᠣᠭᠳᠠᠬᠤ 3᠂ ᠤᠯᠠᠭᠠᠨᠬᠠᠳᠠ ᠬᠤᠲᠠ ᠳᠤ ᠬᠤᠯᠪᠣᠭᠳᠠᠬᠤ 4᠂ ᠤᠯᠠᠭᠠᠨᠴᠠᠪ ᠬᠤᠲᠠ ᠳᠤ ᠬᠤᠯᠪᠣᠭᠳᠠᠬᠤ 1᠂ ᠤᠷᠳᠤᠰ ᠬᠤᠲᠠ ᠳᠤ ᠬᠤᠯᠪᠣᠭᠳᠠᠬᠤ 4᠂ ᠪᠠᠶᠠᠨᠨᠠᠭᠤᠷ ᠬᠤᠲᠠ ᠳᠤ ᠬᠤᠯᠪᠣᠭᠳᠠᠬᠤ 1᠂ ᠦᠬᠠᠢ ᠬᠤᠲᠠ ᠳᠤ ᠬᠤᠯᠪᠣᠭᠳᠠᠬᠤ 2 ᠪᠣᠢ᠃ ᠲᠣᠰ ᠪᠦᠯᠦᠭ ᠵᠠᠬᠢᠳᠠᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠤᠭ᠍ᠰᠠᠨ ᠬᠡᠷᠡᠭ ᠲᠤ ᠣᠰᠤᠨ ᠤ ᠪᠣᠬᠢᠷᠳᠦᠯ ᠤᠨ ᠬᠡᠷᠡᠭ 1᠂ ᠠᠭᠠᠷ ᠮᠠᠨᠳᠠᠯ ᠤᠨ ᠪᠣᠬᠢᠷᠳᠤᠯ ᠤᠨ ᠬᠡᠷᠡᠭ 6᠂ ᠬᠦᠷᠤᠰᠤ ᠰᠢᠷᠤᠢ ᠶᠢᠨ ᠪᠣᠬᠢᠷᠳᠤᠯ ᠤᠨ ᠬᠡᠷᠡᠭ 3᠂ ᠠᠮᠢ ᠠᠬᠤᠢ ᠶᠢ ᠡᠪᠳᠡᠭᠰᠠᠨ ᠬᠡᠷᠡᠭ 14᠂ ᠱᠤᠤᠬᠢᠶᠠᠨ ᠤ ᠪᠤᠬᠢᠷᠳᠤᠯ ᠤᠨ ᠬᠡᠷᠡᠭ 3 ᠪᠣᠢ᠃ ᠲᠤᠬᠠᠢ ᠶᠢᠨ ᠡᠳᠦᠷ᠂ ᠲᠡᠭᠡᠷᠡᠬᠢ ᠵᠠᠬᠢᠲᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠤᠭ᠍ᠰᠡᠨ ᠭᠡᠷᠡᠭ ᠢ ᠴᠥᠮ ᠬᠠᠮᠢᠶ᠎ᠠ ᠪᠦᠬᠦᠢ ᠠᠶᠢᠮᠠᠭ ᠬᠤᠲᠠ ᠳᠤ ᠰᠢᠯᠵᠢᠭᠦᠯᠣᠨ ᠪᠠᠶᠢᠴᠠᠭᠠᠨ ᠰᠢᠢᠳᠪᠦᠷᠢᠯᠡᠭᠦᠯᠵᠦ ᠪᠠᠶᠢᠨ᠎ᠠ᠃
6 ᠰᠠᠷ᠎ᠠ ᠶᠢᠨ 8 ᠤ ᠡᠳᠤᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠵᠠᠬᠢᠳᠠᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ ᠢ ᠨᠡᠶᠢᠲᠡ ᠠᠷᠪᠠᠨ ᠨᠢᠭᠡᠨ ᠪᠦᠯᠦᠭ᠂ 398 ︵ᠭᠤᠣᠯᠳᠠᠯᠭ᠎ᠠ ᠲᠠᠢ ᠠᠩᠬᠠᠷᠬᠤ 51︶ ᠶᠢ ᠰᠢᠢᠳᠪᠦᠷᠢᠯᠡᠭᠦᠯᠬᠦ ᠪᠠᠷ ᠲᠣᠰᠢᠶᠠᠵᠠᠢ᠂ ᠡᠭᠦᠨ ᠳᠤ ᠤᠳᠡᠰᠤ ᠪᠠᠷ ᠢᠯᠡᠴᠢᠯᠡᠨ ᠮᠡᠳᠡᠭᠦᠯᠦᠭᠰᠡᠨ ᠬᠡᠷᠡᠭ 254᠂ ᠵᠠᠬᠢᠳᠡᠯ ᠢᠶᠠᠷ ᠢᠯᠡᠴᠢᠯᠡᠨ ᠮᠡᠳᠡᠭᠦᠯᠤᠭ᠍ᠰᠠᠨ ᠬᠡᠷᠡᠭ 14 ᠪᠣᠢ᠃ 398 ᠵᠠᠬᠢᠳᠠᠯ ᠰᠤᠷᠪᠤᠯᠵᠢᠯᠠᠯ ᠢᠶᠠᠷ ᠢᠯᠡᠴᠢᠯᠠᠨ ᠮᠡᠳᠡᠭᠦᠯᠤᠭ᠍ᠰᠡᠨ ᠬᠡᠷᠡᠭ ᠲᠤ ᠬᠥᠬᠡᠬᠤᠲᠠ ᠳᠤ ᠬᠤᠯᠪᠣᠭᠲᠠᠬᠤ 73᠂ ᠪᠣᠭᠤᠲᠤ ᠬᠤᠲᠠ ᠳᠤ ᠬᠤᠯᠪᠣᠭᠲᠠᠬᠤ 28᠂ ᠬᠦᠯᠣᠨ ᠪᠣᠶᠢᠷ ᠬᠤᠲᠠ ᠳᠤ ᠬᠤᠯᠪᠣᠭᠳᠠᠬᠤ 25᠂ ᠬᠢᠩᠭᠠᠨ ᠠᠶᠢᠮᠠᠭ ᠲᠤ ᠬᠤᠯᠪᠣᠭᠲᠠᠬᠤ 25᠂ ᠲᠦᠩᠯᠢᠶᠣᠤ ᠬᠤᠲᠠ ᠳᠤ ᠬᠤᠯᠪᠣᠭᠳᠠᠬᠤ 4᠂ ᠤᠯᠠᠭᠠᠨᠬᠠᠳᠠ ᠬᠤᠲᠠ ᠳᠤ ᠬᠤᠯᠪᠣᠭᠳᠠᠬᠤ 57᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 13᠂ ᠤᠯᠠᠭᠠᠨᠴᠠᠪ ᠬᠤᠲᠠ ᠳᠤ ᠬᠤᠯᠪᠣᠭᠳᠠᠬᠤ 29᠂ ᠤᠷᠳᠤᠰ ᠬᠤᠲᠠ ᠳᠤ ᠬᠤᠯᠪᠣᠭᠳᠠᠬᠤ 65᠂ ᠪᠠᠶᠠᠨᠨᠠᠭᠤᠷ ᠬᠤᠲᠠ ᠳᠤ ᠬᠤᠯᠪᠣᠭᠳᠠᠬᠤ 23᠂ ᠦᠬᠠᠢ ᠬᠤᠲᠠ ᠳᠤ ᠬᠤᠯᠪᠣᠭᠳᠠᠬᠤ 12᠂ ᠠᠯᠠᠱᠠ ᠠᠶᠢᠮᠠᠭ ᠲᠤ ᠬᠤᠯᠪᠣᠭᠳᠠᠬᠤ 4 ᠬᠡᠷᠡᠭ ᠪᠣᠢ᠃