ᠵᠤᠬᠢᠶᠠᠭᠴᠢ:
ᠴᠠᠭ:2025-06-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
︽ᠲᠠᠯ᠎ᠠ ᠨᠤᠲᠤᠭ ᠤᠨ ᠰᠢᠨ᠎ᠡ ᠬᠠᠭᠤᠳᠠᠰᠤ · ᠰᠣᠶᠣᠯ ᠵᠢᠭᠤᠯᠴᠢᠯᠠᠯ ᠤᠨ ᠰᠢᠨ᠎ᠡ ᠢᠷᠡᠭᠡᠳᠦᠢ︾ 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠣᠯ ᠰᠡᠳᠦᠪᠲᠦ ᠠᠵᠢᠯᠯᠠᠭ᠎ᠠ ᠪᠤᠭᠤᠲᠤ ᠬᠤᠳᠠ ᠳᠤ ᠡᠬᠢᠯᠡᠪᠡ
2025 6 ᠳ᠋ᠤᠭᠠᠷ ᠰᠠᠷ᠎ᠠ ᠶᠢᠨ 22 ᠤᠨ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ 《ᠲᠠᠯ᠎ᠠ ᠨᠤᠲᠤᠭ ᠤᠨ ᠰᠢᠨ᠎ᠡ ᠬᠠᠭᠤᠳᠠᠰᠤ · ᠰᠣᠶᠣᠯ ᠵᠢᠭᠤᠯᠴᠢᠯᠠᠯ ᠤᠨ ᠰᠢᠨ᠎ᠡ ᠢᠷᠡᠭᠡᠳᠦᠢ》 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠣᠯ ᠰᠡᠳᠦᠪᠲᠦ ᠠᠵᠢᠯᠯᠠᠭ᠎ᠠ ᠪᠤᠭᠤᠲᠤ ᠬᠤᠲᠠ ᠳᠤ ᠡᠬᠢᠯᠡᠪᠡ᠃ ᠪᠡᠭᠡᠵᠢᠩ᠂ ᠱᠠᠩᠬᠠᠢ᠂ ᠾᠧᠪᠧᠢ᠂ ᠱᠠᠨ ᠰᠢ᠂ ᠱᠠᠨᠰᠢ᠂ ᠨᠢᠩᠰᠢᠶᠠ᠂ ᠭᠠᠨᠰᠤ᠂ ᠬᠠᠶᠢᠨᠠᠨ᠂ ᠯᠢᠶᠣᠤᠨᠢᠩ᠂ ᠬᠠᠷᠠᠮᠥ᠋ᠷᠡᠨ ᠵᠡᠷᠭᠡ ᠮᠤᠵᠢ ᠣᠷᠣᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ︵ᠲᠣᠪᠴᠢᠶ᠎ᠠ︶ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠂ ᠵᠢᠭᠤᠯᠴᠢᠯᠠᠯ ᠤᠨ ᠲᠤᠰᠬᠠᠢ ᠮᠡᠷᠭᠡᠵᠢᠯᠲᠡᠳ ᠂ ᠪᠣᠯᠬᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠬᠤᠳᠠᠯᠳᠤᠭᠠᠴᠢᠨ ᠤ ᠲᠥᠯᠥᠭᠡᠯᠡᠭᠴᠢᠳ ᠪᠤᠭᠤᠲᠤ ᠳᠤ ᠴᠤᠭᠯᠠᠷᠠᠵᠤ᠂ ᠲᠤᠷᠰᠢᠯᠭ᠎ᠠ ᠪᠠᠨ ᠥᠷᠭᠡᠨ ᠢᠶᠠᠷ ᠰᠣᠯᠢᠯᠴᠠᠵᠤ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠬᠤᠪᠢᠶᠠᠯᠴᠠᠨ ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ ᠃
ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢᠶᠠᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠵᠢᠭᠤᠯᠴᠢᠯᠠᠯ ᠤᠨ ᠨᠠᠷᠠᠲᠤ ᠰᠢᠶᠠᠨ ᠤ ᠨᠡᠷᠡᠰ ᠢ ᠨᠡᠶᠢᠲᠡᠯᠡᠬᠦ ᠶᠢᠨ ᠬᠠᠮᠲᠤ ᠫᠠᠶᠢᠰᠠ ᠣᠯᠭᠤᠵᠤ᠂ 《 ᠬᠦᠳᠡᠭᠡ ᠨᠤᠲᠤᠭ ᠢᠶᠠᠷ ᠮᠠᠰᠢᠨ ᠲᠡᠷᠭᠡ ᠲᠠᠢ ᠵᠢᠭᠤᠯᠴᠢᠯᠠᠵᠤ · ᠥᠪᠥᠷ ᠮᠣᠩᠭᠤᠯ ᠳᠤ ᠵᠤᠭᠠᠴᠠᠨ ᠰᠠᠭᠠᠲᠠᠭᠠᠷᠠᠢ 》 ᠵᠢᠭᠤᠯᠴᠢᠯᠠᠯ ᠤᠨ ᠨᠡᠷᠡᠳᠬᠦᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠵᠠᠮ ᠬᠠᠷᠢᠯᠴᠠᠭ᠎ᠠ ᠲᠠᠷᠢᠶᠠᠯᠠᠩ》 ᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ ᠵᠡᠷᠭᠡ ᠰᠣᠶᠣᠯ ᠵᠢᠭᠤᠯᠴᠢᠯᠠᠯ ᠤᠨ ᠨᠡᠷᠡᠳᠬᠦᠨ ᠪᠠ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠤᠯᠪᠣᠯᠳᠤᠭᠤᠯᠤᠨ ᠠᠭᠤᠰᠤᠯᠴᠠᠭᠤᠯᠤᠭᠰᠠᠨ ᠬᠥᠭᠵᠢᠯᠲᠡ ᠶᠢᠨ ᠰᠢᠨ᠎ᠡ ᠲᠠᠯᠠᠪᠤᠷ ᠬᠦᠷᠢᠶ᠎ᠡ ᠶᠢ ᠨᠡᠶᠢᠲᠡᠯᠡᠪᠡ ᠃
6 ᠳ᠋ᠤᠭᠠᠷ ᠰᠠᠷ᠎ᠠ ᠶᠢᠨ 23 ᠤ ᠡᠳᠦᠷ ᠂ ᠪᠤᠭᠤᠲᠤ ᠬᠤᠳᠠ ᠳᠠᠬᠢ ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠡᠯ ᠷᠧᠨ ᠲᠠᠢ᠂ ᠮᠠᠩᠬᠠᠨ ᠵᠦᠴᠦᠭᠡ ᠂ ᠫᠢᠸᠤ᠋ ᠶᠢᠨ ᠨᠠᠶᠢᠷ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠵᠤᠲᠠᠩ ᠵᠡᠷᠭᠡ ᠬᠠᠭᠤᠴᠢᠨ ᠪᠤᠭᠤᠲᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠳᠡᠭᠡᠵᠢᠯᠡᠨ ᠠᠮᠰᠠᠪᠠ︔ ᠠᠨᠠᠷ ᠤᠨ ᠴᠡᠴᠡᠭ ᠤᠨ ᠭᠤᠣᠯ ᠰᠡᠳᠦᠪᠲᠦ ᠬᠦᠷᠢᠶᠡᠯᠡᠩ ᠳᠤ 《 ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠳᠡᠵᠢᠭᠡᠭᠰᠡᠨ》 ᠂ ᠪᠤᠭᠤᠲᠤ ᠶᠢᠨ ᠰᠣᠶᠣᠯ ᠤᠨ ᠡᠭᠦᠳᠦᠯᠲᠡ ᠶᠢᠨ ᠦᠵᠡᠭᠦᠯᠭᠡ ᠶᠢᠨ ᠲᠢᠩᠬᠢᠮ ᠵᠡᠷᠭᠡ ᠶᠢ ᠲᠣᠭᠤᠷᠢᠨ ᠦᠵᠡᠪᠡ︔ ᠪᠤᠭᠤᠲᠤ ᠶᠢᠨ ᠬᠥᠪᠥᠩ ᠤᠨ 1958 ᠣᠨ ᠤ ᠵᠡᠭᠡᠯᠢ ᠶᠢᠨ ᠲᠣᠭᠤᠷᠢᠭ ᠲᠤ ᠰᠣᠶᠣᠯ ᠤᠨ ᠡᠭᠦᠳᠦᠯᠲᠡ ᠶᠢᠨ ᠦᠵᠡᠰᠬᠦᠯᠡᠩ ᠂ ᠳᠠᠭᠤᠷᠢᠯᠢᠭ ᠤᠨ ᠲᠣᠭᠯᠠᠯᠲᠠ ᠂ ᠪᠤᠭᠤᠲᠤ ᠶᠢᠨ ᠠᠮᠲᠠᠲᠤ ᠢᠳᠡᠭᠡᠨ ᠠᠮᠲᠠᠯᠠᠬᠤ᠂ ᠴᠠᠭ ᠦᠶ᠎ᠡ ᠶᠢᠨ ᠳᠠᠭᠤᠨ ᠤ ᠴᠤᠭᠯᠠᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ ︔ ᠭᠦᠶᠠᠩ ᠳᠠᠬᠢ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠲᠤ ᠨᠡᠭᠡᠭᠡᠯᠲᠡ ᠶᠢᠨ ᠶᠣᠰᠣᠯᠠᠯ᠂ ᠠᠮᠲᠠᠲᠤ ᠢᠳᠡᠭᠡᠨ ᠵᠣᠭᠤᠭᠯᠠᠬᠤ ᠂ ᠶᠠᠪᠠᠭᠠᠨ ᠢᠶᠠᠷ ᠣᠷᠳᠣ ᠴᠠᠭᠠᠨ ᠬᠡᠷᠡᠮ ᠳᠤ ᠭᠠᠷᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠪᠤᠭᠤᠲᠤ ᠶᠢᠨ ᠠᠯᠲᠠᠨ ᠵᠡᠭᠡᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠠᠮᠲᠠᠷᠬᠠᠵᠤ᠂ ᠪᠤᠭᠤᠲᠤ ᠶᠢᠨ ᠲᠤᠰ ᠨᠤᠲᠤᠭ ᠤᠨ ᠬᠥᠭᠵᠢᠮ ᠤᠨ ᠠᠩᠭᠢ ᠶᠢᠨ ᠲᠣᠭᠯᠠᠯᠲᠠ ᠶᠢ ᠰᠣᠨᠢᠷᠬᠠᠨ ᠲᠠᠭᠠᠰᠢᠶᠠᠪᠠ᠃
ᠲᠣᠰ ᠤᠳᠠᠭᠠᠨ ᠤ ᠠᠵᠢᠯᠯᠠᠭ᠎ᠠ ᠪᠣᠯ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠪᠦᠬᠦ ᠣᠷᠣᠨ ᠤ ᠤᠶᠤᠨ ᠤᠬᠠᠭᠠᠨ ᠢ ᠬᠤᠷᠠᠮᠳᠤᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ ᠂ ᠵᠢᠭᠤᠯᠴᠢᠯᠠᠯ ᠢᠶᠠᠷ ᠰᠣᠶᠣᠯ ᠢ ᠳᠣᠪᠣᠶᠢᠯᠭᠠᠨ᠂ ᠰᠣᠶᠣᠯ ᠪᠠ ᠵᠢᠭᠤᠯᠴᠢᠯᠠᠯ ᠢ ᠨᠡᠩ ᠥᠷᠭᠡᠨ ᠬᠡᠪᠴᠢᠶ᠎ᠡ ᠂ ᠨᠡᠩ ᠭᠦᠨ ᠳᠠᠪᠬᠤᠷᠭ᠎ᠠ ᠂ ᠨᠡᠩ ᠥᠨᠳᠥᠷ ᠲᠦᠪᠰᠢᠨ ᠢᠶᠠᠷ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠂ ᠰᠢᠨ᠎ᠡ ᠶᠢ ᠡᠭᠦᠳᠦᠨ ᠠᠭᠤᠰᠤᠯᠴᠠᠭᠤᠯᠬᠤ ᠰᠢᠨ᠎ᠡ ᠥᠨᠳᠦᠷᠯᠢᠭ ᠢ ᠴᠣᠭᠴᠠᠯᠠᠨ᠂ ᠰᠣᠶᠣᠯ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠢᠭᠤᠯᠴᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃