ᠵᠤᠬᠢᠶᠠᠭᠴᠢ:
ᠴᠠᠭ:2025-06-25
ᠥᠵᠡᠭᠰᠡᠨ : ℃
ᠢᠷᠡᠯᠲᠡ:
ᠰᠢ ᠶᠢᠨ ᠫᠢᠩ ᠠᠰᠲ᠋ᠠᠨᠠ ᠳᠤ ᠭᠦᠷᠪᠠ
ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 6 ᠶᠢᠨ 16 ᠤ ᠡᠳᠦᠷ ᠦᠨ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠠᠰᠲ᠋ᠠᠨᠠ ᠳᠤ ᠭᠦᠷᠪᠡ᠃
ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠺᠠᠽᠠᠬᠰᠲ᠋ᠠᠨ ᠤ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ᠂ ᠺᠠᠽᠠᠬᠰᠲ᠋ᠠᠨ ᠤ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠶᠠᠯᠠᠯ ᠢ ᠬᠠᠮᠠᠭᠠᠯᠠᠪᠠ᠃
ᠰᠢ ᠶᠢᠨ ᠫᠢᠩ ᠠᠰᠲ᠋ᠠᠨᠠ ᠶᠢᠨ ᠨᠠᠽᠠᠷᠪᠠᠶᠧᠹ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠶᠡᠷᠦᠩᠬᠡᠶᠢᠯᠡᠭᠴᠢ ᠲᠦᠸᠧᠺᠠᠶᠧᠹ ᠶᠡᠷᠦᠩᠬᠡᠶᠢᠯᠡᠭᠴᠢ ᠶᠢᠨ ᠠᠯᠪᠠᠨ ᠲᠢᠩᠬᠢᠮ ᠤᠨ ᠡᠷᠭᠢᠯᠡᠭᠴᠢ ᠳ᠋ᠠᠵᠢᠶ᠋ᠸᠪᠠᠢ᠂ ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠷᠲ᠋ᠧᠯᠢᠶ᠋ᠸ ᠦ᠋᠂ ᠶᠡᠷᠦᠩᠬᠡᠶᠢᠯᠡᠭᠴᠢ ᠶᠢᠨ ᠭᠠᠳᠠᠭᠠᠳᠤ ᠶᠠᠪᠤᠳᠠᠯ ᠤᠨ ᠵᠥᠪᠯᠡᠭᠴᠢ ᠺᠠᠵᠢᠬᠠᠨ᠂ ᠠᠰᠲ᠋ᠠᠨᠠ ᠬᠤᠳᠠ ᠶᠢᠨ ᠳᠠᠷᠤᠭ᠎ᠠ ᠺᠠᠰᠧᠮᠦ᠋ᠪᠢᠶᠧᠺ ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠪᠠ᠃ ᠭᠤᠶᠣ ᠰᠠᠶᠢᠬᠠᠨ ᠬᠤᠪᠴᠠᠰᠤ ᠡᠮᠦᠰᠦᠭᠰᠡᠨ ᠺᠠᠽᠠᠬᠰᠲ᠋ᠠᠨ ᠤ ᠵᠠᠯᠠᠭᠤᠴᠤᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ ᠶᠣᠰᠣᠯᠠᠯ ᠤᠨ ᠴᠡᠷᠢᠭ ᠬᠥᠬᠡ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠵᠤ᠂ ᠺᠠᠽᠠᠬᠰᠲ᠋ᠠᠨ ᠤ ᠪᠠᠭᠠᠴᠤᠳ ᠬᠡᠦᠬᠡᠳ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠨ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢᠨ ᠵᠢᠭᠰᠠᠭᠠᠯ ᠢ ᠰᠣᠨᠢᠷᠬᠠᠵᠤ᠂ ᠡᠭᠴᠡ ᠨᠢᠰᠬᠡᠯ ᠳᠤᠮᠳᠠᠳᠤ ᠺᠠᠽᠠᠬᠰᠲ᠋ᠠᠨ ᠤ ᠤᠯᠤᠰ ᠤᠨ ᠲᠤᠭ ᠢ ᠡᠯᠭᠦᠵᠦ ᠨᠢᠰᠬᠡᠯ ᠤᠨ ᠪᠠᠭᠤᠳᠠᠯ ᠤᠨ ᠳᠡᠭᠡᠭᠦᠷ ᠨᠢᠰᠦᠨ ᠥᠩᠭᠡᠷᠡᠪᠡ᠃ ᠨᠢᠰᠬᠡᠯ ᠤᠨ ᠪᠠᠭᠤᠳᠠᠯ ᠤᠨ ᠬᠦᠨᠳᠦᠲᠦ ᠵᠣᠴᠢᠳ ᠤᠨ ᠠᠰᠠᠷ ᠲᠤ᠂ ᠬᠤᠶᠠᠷ ᠤᠯᠤᠰ ᠤᠨ ᠲᠡᠷᠢᠭᠦᠨ ᠪᠠᠰᠠ ᠺᠠᠽᠠᠬᠰᠲ᠋ᠠᠨ ᠤ ᠪᠠᠭᠠᠴᠤᠳ ᠬᠡᠦᠬᠡᠳ ᠤᠨ ᠤᠷᠠᠨ ᠰᠠᠶᠢᠬᠠᠨ ᠤ ᠲᠣᠬᠯᠠᠯᠲᠠ ᠶᠢ ᠬᠠᠮᠲᠤ ᠪᠠᠷ ᠰᠣᠨᠢᠷᠬᠠᠪᠠ᠃
ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃
ᠺᠠᠽᠠᠬᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠬᠠᠨ ᠴᠦᠨ ᠯᠢᠨ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃
ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠵᠣᠴᠢᠳ ᠤᠨ ᠪᠠᠭᠤᠳᠠᠯ ᠳᠠᠭᠠᠨ ᠬᠦᠷᠬᠦ ᠵᠠᠮ ᠵᠠᠭᠤᠷ᠎ᠠ᠂ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠲᠠᠯ᠎ᠠ ᠪᠠᠷ ᠴᠤᠭᠯᠠᠷᠠᠵᠤ᠂《ᠲᠡᠷᠢᠭᠦᠯᠡᠭᠴᠢ ᠰᠢ ᠶᠢᠨ ᠫᠢᠩ ᠢ ᠬᠠᠯᠠᠭᠤᠨ ᠢᠶᠠᠷ ᠤᠭᠲᠤᠶ᠎ᠠ︕》《ᠳᠤᠮᠳᠠᠳᠤ ᠺᠠᠽᠠᠬᠰᠲ᠋ᠠᠨ ᠤ ᠨᠥᠬᠦᠷᠯᠡᠯ ᠥᠨᠢ ᠮᠥᠩᠬᠡ︕》 ᠵᠡᠷᠭᠡ ᠤᠯᠠᠭᠠᠨ ᠥᠩᠭᠡᠲᠡᠢ ᠬᠥᠨᠳᠡᠯᠡᠨ ᠪᠢᠴᠢᠭᠡᠰᠦ ᠶᠢ ᠡᠷᠭᠦᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃