ᠵᠤᠬᠢᠶᠠᠭᠴᠢ:
ᠴᠠᠭ:2025-06-18
ᠥᠵᠡᠭᠰᠡᠨ : ℃
ᠢᠷᠡᠯᠲᠡ:
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠰᠢᠨᠬᠤᠸᠠ ᠬᠤᠷᠢᠶᠠᠨ ᠤ ᠪᠡᠭᠡᠵᠢᠩ ᠤᠨ 2025 6 ᠳ᠋ᠤᠭᠠᠷ ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 13 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠬᠢᠬᠦ ᠣᠷᠣᠨ ᠤ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠬᠠᠭᠤᠯᠪᠤᠷᠢᠯᠠᠨ ᠳᠡᠯᠭᠡᠷᠡᠭᠦᠯᠬᠦ ᠠᠵᠢᠯ ᠢ ᠪᠠᠶᠢᠷᠢᠯᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠪᠠ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠢᠲᠡᠭᠡᠮᠵᠢ ᠶᠢᠨ ᠢᠯᠭᠠᠷᠠᠭᠤᠯᠤᠨ ᠰᠡᠷᠭᠦᠭᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ》 ᠢ ᠬᠢᠨᠠᠨ ᠶᠠᠷᠢᠯᠴᠠᠵᠤ ᠪᠠᠲᠤᠯᠠᠨ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠬᠦ ᠶᠢ ᠰᠤᠳᠤᠯᠪᠠ᠃
ᠬᠤᠷᠠᠯ ᠢᠶᠠᠷ ᠵᠢᠭᠠᠵᠤ ᠭᠠᠷᠭᠠᠬᠤ ᠳᠤ ᠪᠠᠨ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠳᠤ ᠳᠤᠮᠳᠠᠳᠤ ᠤᠯᠤᠰ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠬᠢᠬᠦ ᠣᠷᠣᠨ ᠢᠶᠠᠨ ᠪᠦᠬᠦ ᠲᠠᠯ᠎ᠠ ᠪᠠᠷ ᠵᠣᠯᠭᠠᠭᠤᠯᠤᠭᠰᠠᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠠᠶᠢᠲᠤᠷ ᠠᠰᠢᠭᠯᠠᠵᠤ᠂ ᠨᠡᠩ ᠶᠡᠭᠡ ᠬᠡᠪᠴᠢᠶᠡᠨ ᠳᠤ ᠳᠦᠷᠢᠮ ᠤᠨ ᠰᠢᠨ᠎ᠡ ᠡᠭᠦᠳᠦᠯᠲᠡ ᠶᠢᠨ ᠴᠡᠪᠡᠷ ᠠᠰᠢᠭ ᠢ ᠪᠠᠳᠠᠷᠠᠭᠤᠯᠵᠤ᠂ ᠥᠨᠳᠥᠷ ᠲᠦᠪᠰᠢᠨ ᠲᠠᠢ ᠨᠡᠭᠡᠭᠡᠯᠲᠡ ᠪᠠᠷ ᠭᠦᠨᠵᠡᠭᠡᠢ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠤᠨ ᠬᠠᠭᠤᠯᠪᠤᠷᠢᠯᠠᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠪᠠᠶᠢᠳᠠᠯ ᠢ ᠭᠦᠢᠴᠡᠳ ᠪᠣᠳᠣᠯᠬᠢᠯᠠᠨ᠂ ᠠᠵᠤ ᠠᠬᠤᠶᠢᠯᠠᠯ ᠪᠠ ᠤᠯᠠᠨ ᠲᠦᠮᠡᠨ ᠳᠤ ᠪᠠᠴᠢᠮ ᠱᠠᠭᠠᠷᠳᠠᠭᠳᠠᠵᠤ ᠪᠠᠶᠢᠭ᠎ᠠ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠷᠰᠢᠯᠲᠠ ᠶᠢᠨ ᠴᠡᠭ ᠤᠨ ᠪᠤᠰᠤᠳ ᠠᠷᠭ᠎ᠠ ᠬᠡᠮᠵᠢᠶ᠎ᠡ ᠯᠦᠭᠡ ᠵᠣᠬᠢᠴᠠᠭᠤᠯᠬᠤ ᠪᠠ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠳᠦᠷᠢᠮ ᠤᠨ ᠬᠡᠯᠪᠡᠷᠢ ᠪᠦᠬᠦᠢ ᠨᠡᠭᠡᠭᠡᠯᠲᠡ ᠬᠢᠬᠦ ᠲᠤᠷᠰᠢᠯᠲᠠ ᠶᠢ ᠨᠡᠩ ᠴᠢᠩᠭ᠎ᠠ ᠡᠷᠴᠢᠮ ᠲᠠᠢ ᠥᠷᠨᠢᠭᠦᠯᠵᠦ᠂ ᠨᠡᠩ ᠥᠨᠳᠥᠷ ᠲᠦᠪᠰᠢᠨ ᠲᠠᠢ ᠨᠡᠭᠡᠭᠡᠯᠲᠡᠲᠦ ᠬᠡᠯᠪᠡᠷᠢ ᠪᠦᠬᠦᠢ ᠠᠵᠤ ᠠᠬᠤᠢ ᠶᠢᠨ ᠰᠢᠨ᠎ᠡ ᠪᠠᠶᠢᠭᠤᠯᠤᠯ ᠢ ᠲᠦᠷᠭᠡᠨ ᠪᠠᠶᠢᠭᠤᠯᠬᠤ ᠬᠡᠷᠡᠭᠲᠡᠢ ᠭᠡᠵᠡᠢ᠃
ᠬᠤᠷᠠᠯ ᠢᠶᠠᠷ ᠵᠢᠭᠠᠵᠤ ᠭᠠᠷᠭᠠᠬᠤ ᠳᠤ ᠪᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ᠂ ᠡᠷᠡᠭᠦᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠠᠯᠤᠰ ᠢ ᠪᠣᠳᠣᠯᠬᠢᠯᠠᠨ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠠᠷᠢᠯᠭᠠᠬᠤ ᠪᠠᠨ ᠪᠠᠷᠢᠮᠲᠠᠯᠠᠵᠤ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠬᠤ ᠬᠡᠷᠡᠭᠲᠡᠢ᠃《ᠰᠠᠶᠢᠨ ᠭᠡᠷ ᠪᠠᠶᠢᠰᠢᠩ》 ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠬᠦᠴᠦᠲᠡᠢ ᠠᠬᠢᠭᠤᠯᠵᠤ᠂ ᠬᠤᠲᠠ ᠶᠢᠨ ᠰᠢᠨᠡᠳᠬᠡᠬᠦ ᠲᠣᠭᠲᠠᠴᠠ ᠳᠤ ᠣᠷᠣᠭᠤᠯᠤᠭᠠᠳ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠲᠥᠯᠦᠪᠵᠢᠭᠦᠯᠭᠡ᠂ ᠭᠠᠵᠠᠷ ᠰᠢᠷᠣᠢ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠢᠭᠡᠨᠲᠡ ᠬᠠᠩᠭᠠᠭᠰᠠᠨ ᠭᠠᠵᠠᠷ ᠰᠢᠷᠣᠢ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠶᠢᠳᠠᠯ ᠢ ᠣᠶᠢᠯᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠬᠡᠷᠡᠭᠵᠢᠭᠦᠯᠬᠦ ᠰᠢᠰᠲ᠋ᠧᠮᠲᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ ᠪᠠᠶᠢᠭᠠᠳ ᠵᠢᠱᠢᠯᠲᠡ ᠶᠢ ᠲᠣᠭᠲᠠᠪᠤᠷᠢᠵᠢᠭᠤᠯᠤᠨ᠂ ᠬᠡᠷᠡᠭᠴᠡᠭᠡ ᠶᠢ ᠬᠥᠭᠵᠢᠭᠡᠨ᠂ ᠬᠠᠩᠭᠠᠯᠭ᠎ᠠ ᠶᠢ ᠰᠢᠯᠢᠳᠡᠭᠵᠢᠭᠦᠯᠦᠨ᠂ ᠲᠦᠭᠰᠢᠭᠦᠷᠢ ᠶᠢ ᠠᠷᠢᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠣᠷᠣᠭᠤᠯᠬᠤ ᠶᠢ ᠨᠠᠩ ᠴᠢᠩᠭ᠎ᠠ ᠡᠷᠴᠢᠮ ᠲᠠᠢ ᠠᠬᠢᠭᠤᠯᠬᠤ ᠬᠡᠷᠡᠭᠲᠡᠢ ᠭᠡᠵᠡᠢ᠃
ᠬᠤᠷᠠᠯ ᠢᠶᠠᠷ ᠵᠢᠭᠠᠵᠤ ᠭᠠᠷᠭᠠᠬᠤ ᠳᠤ ᠪᠠᠨ᠂ ᠨᠢᠭᠡᠳᠦᠯᠲᠡᠢ ᠵᠢᠷᠤᠮᠵᠢᠭᠤᠯᠬᠤ᠂ ᠬᠠᠮᠵᠢᠯᠴᠠᠨ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠶᠢᠯᠭᠠᠬᠤ ᠢᠲᠡᠭᠡᠮᠵᠢ ᠶᠢᠨ ᠢᠯᠭᠠᠷᠠᠭᠤᠯᠤᠨ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠬᠦ ᠪᠠᠨ ᠲᠦᠷᠭᠡᠳᠬᠡᠵᠦ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠢᠲᠡᠭᠡᠮᠵᠢ ᠪᠠᠨ ᠳᠠᠬᠢᠨᠲᠠ ᠴᠣᠭᠴᠠᠯᠠᠬᠤ ᠶᠢ ᠨᠢ ᠨᠡᠩ ᠰᠠᠶᠢᠲᠤᠷ ᠬᠠᠪᠰᠤᠷᠬᠤ ᠬᠡᠷᠡᠭᠲᠡᠢ᠃ ᠳᠦᠷᠢᠮ ᠢ ᠨᠢᠭᠡᠳᠦᠯᠲᠡᠢ ᠢᠯᠭᠠᠷᠠᠭᠤᠯᠤᠨ ᠰᠡᠷᠭᠦᠭᠡᠵᠦ᠂ ᠬᠢᠷᠢ ᠬᠡᠮ ᠢ ᠬᠢᠨᠠᠨ ᠪᠠᠶᠢᠴᠠᠭᠠᠬᠤ᠂ ᠶᠠᠪᠤᠴᠠ ᠳᠤ ᠬᠢᠨᠠᠯᠲᠠ ᠲᠠᠯᠪᠢᠬᠤ᠂ ᠦᠷ᠎ᠡ ᠳ᠋ᠦᠩ ᠢ ᠦᠨᠡᠯᠡᠬᠦ ᠵᠡᠷᠭᠡ ᠭᠤᠭᠴᠣᠭᠠᠨ ᠤ ᠪᠠᠷᠢᠮᠵᠢᠶ᠎ᠠ ᠪᠠ ᠵᠢᠷᠤᠮᠵᠢᠯ ᠢ ᠨᠢ ᠪᠦᠷᠢᠨᠰᠢᠭᠦᠯᠬᠦ ᠬᠡᠷᠡᠭᠲᠡᠢ᠃ ᠳ᠋ᠠᠶᠢᠲ᠋ᠠ ᠶᠢᠨ ᠬᠤᠷᠢᠭ᠎ᠠ ᠰᠠᠭᠠᠳ ᠢ ᠠᠷᠢᠯᠭᠠᠨ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠡᠪᠴᠢᠶ᠎ᠡ᠂ ᠠᠷᠭ᠎ᠠ᠂ ᠳᠠᠪᠲᠠᠮᠵᠢ ᠶᠢ ᠲᠦᠷᠭᠡᠬᠡᠨ ᠲᠣᠳᠣᠷᠬᠠᠶᠢᠯᠠᠵᠤ᠂ ᠬᠠᠮᠢᠶ᠎ᠠ ᠪᠦᠬᠦᠢ ᠬᠦᠷᠢᠶᠡᠨ ᠳᠠᠬᠢ ᠨᠡᠶᠢᠭᠡᠮ ᠤᠨ ᠳ᠋ᠠᠶᠢᠲ᠋ᠠ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ᠂ ᠭᠥᠯᠢᠶᠡᠨ ᠠᠪᠴᠤ ᠭᠦᠢᠴᠡᠳᠬᠡᠬᠦ᠂ ᠰᠢᠨᠡᠳᠬᠡᠨ ᠬᠠᠷᠢᠭᠤ ᠲᠤᠰᠬᠠᠬᠤ᠂ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠠᠵᠢᠯ ᠳᠤ ᠪᠠᠨ ᠨᠢᠭᠲᠠ ᠬᠠᠮᠵᠢᠯᠴᠠᠵᠤ᠂ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃
ᠬᠤᠷᠠᠯ ᠢᠶᠠᠷ ᠵᠢᠭᠠᠵᠤ ᠭᠠᠷᠭᠠᠬᠤ ᠳᠤ ᠪᠠᠨ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠲᠦᠷᠦ ᠶᠢᠨ ᠪᠣᠳᠣᠯᠭ᠎ᠠ ᠶᠢ ᠦᠨᠡᠯᠡᠨ ᠵᠢᠱᠢᠬᠦ ᠪᠠᠨ ᠴᠢᠩᠭᠠᠳᠬᠠᠵᠤ᠂ ᠲᠤᠷᠰᠢᠯᠭ᠎ᠠ ᠪᠠᠨ ᠳ᠋ᠦᠩᠨᠡᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠢᠷᠤᠮᠵᠢᠭᠤᠯᠤᠨ ᠳᠦᠷᠢᠮᠵᠢᠭᠦᠯᠵᠦ ᠪᠠᠶᠢᠩᠭᠤᠰᠢᠭᠤᠯᠤᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ ᠶᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ ᠶᠢ ᠨᠠᠩ ᠰᠠᠶᠢᠲᠤᠷ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠣᠯᠠᠨ ᠡᠰᠢᠴᠢᠯᠡᠭᠰᠡᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠯᠲᠡ ᠶᠢᠨ ᠪᠦᠬᠦ ᠬᠡᠯᠬᠢᠶᠡᠨ ᠳᠠᠬᠢ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠤᠷᠢᠶᠠᠮᠠᠯ ᠡᠮ ᠤᠨ ᠶᠠᠰᠤ ᠴᠢᠨᠠᠷ ᠪᠠ ᠡᠮᠴᠢᠯᠡᠭᠡᠨ ᠤ ᠦᠢᠯᠡᠳᠦᠯ ᠤᠨ ᠨᠢᠭᠡᠳᠦᠯᠲᠡᠢ ᠴᠢᠨᠠᠷ ᠤᠨ ᠦᠨᠡᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ ᠤ ᠰᠠᠨᠠᠭ᠎ᠠ ᠠᠮᠤᠷ ᠡᠮ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠡᠢ᠃
ᠬᠤᠷᠠᠯ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃