ᠵᠤᠬᠢᠶᠠᠭᠴᠢ:
ᠴᠠᠭ:2025-06-20
ᠥᠵᠡᠭᠰᠡᠨ : ℃
ᠢᠷᠡᠯᠲᠡ:
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ
ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠤ ᠵᠣᠣ ᠯᠧ ᠵᠢᠢ ᠬᠤᠷᠠᠯ ᠢ ᠡᠷᠭᠢᠯᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 6 ᠶᠢᠨ 13 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 13 ᠤ ᠡᠳᠦᠷ ᠦᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠴᠧᠨ ᠶᠦᠨ ᠨᠥᠬᠦᠷ ᠤᠨ ᠨᠢᠭᠡ ᠨᠠᠰᠤ ᠪᠣᠯ ᠠᠭᠤᠤ ᠶᠡᠭᠡ᠂ ᠢᠷᠠᠭᠤ ᠠᠯᠳᠠᠷᠲᠠᠢ ᠨᠢᠭᠡ ᠨᠠᠰᠤ ᠮᠥᠨ᠂ ᠲᠡᠭᠦᠨ ᠤ ᠪᠤᠢ ᠪᠤᠯᠭᠠᠬᠰᠠᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ᠂ ᠡᠭᠦᠳᠦᠨ ᠪᠦᠲᠦᠭᠡᠭᠰᠡᠨ ᠡᠯᠪᠡᠭ ᠪᠠᠶᠠᠯᠢᠭ ᠤᠳᠤᠷᠢᠳᠬᠤ ᠲᠤᠷᠰᠢᠯᠭ᠎ᠠ᠂ ᠳ᠋ᠦᠩᠨᠡᠭᠰᠡᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯᠯᠠᠬᠤ ᠠᠷᠭ᠎ᠠ ᠪᠣᠯ ᠥᠨᠢ ᠡᠭᠦᠷᠢᠳᠡ ᠮᠠᠨ ᠤ ᠡᠷᠬᠢᠮ ᠨᠠᠨᠳᠢᠨ ᠥᠪ ᠬᠥᠷᠥᠩᠭᠡ ᠮᠥᠨ᠃ ᠪᠢᠳᠡ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠳᠠᠷᠠᠭᠤᠯᠤᠨ ᠳᠡᠯᠭᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠶᠠᠷᠢᠯᠴᠠᠬᠤ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠪᠡ᠃
ᠰᠢ ᠶᠢᠨ ᠫᠢᠩ ᠶᠠᠷᠢᠶᠠᠨ ᠳᠠᠭᠠᠨ ᠴᠧᠨ ᠶᠦᠨ ᠨᠥᠬᠦᠷ ᠤᠨ ᠭᠡᠷᠡᠯ ᠰᠠᠴᠤᠷᠠᠩᠭᠤᠢ ᠨᠢᠭᠡ ᠨᠠᠰᠤ ᠶᠢ ᠡᠷᠭᠢᠴᠡᠭᠦᠯᠪᠡ᠂ ᠲᠡᠭᠦᠨ ᠤ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠲᠥᠯᠥᠭᠡ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠳ᠋ᠦᠩᠨᠡᠵᠦ᠂ ᠴᠧᠨ ᠶᠦᠨ ᠨᠥᠬᠦᠷ ᠪᠣᠯ ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠰᠢᠯᠭᠠᠷᠠᠭᠰᠠᠨ ᠮᠠᠷᠺᠰ ᠤᠨ ᠦᠵᠡᠯᠲᠡᠨ ᠮᠥᠨ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠳᠦᠭᠴᠢ ᠪᠠ ᠰᠠᠭᠤᠷᠢ ᠲᠠᠯᠪᠢᠭᠴᠢ ᠶᠢᠨ ᠨᠢᠭᠡ ᠮᠥᠨ᠂ ᠨᠠᠮ ᠪᠠ ᠲᠦᠷᠦ ᠶᠢᠨ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠭᠠᠷᠮᠠᠭᠠᠢ ᠤᠳᠤᠷᠢᠳᠬᠤ ᠬᠥᠮᠥᠨ᠂ ᠮᠠᠤ ᠽᠧ ᠳ᠋ᠦᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠪᠠ ᠳ᠋ᠧᠩ ᠰᠢᠶᠣᠣ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠴᠢᠬᠤᠯᠠ ᠪᠦᠷᠢᠯᠳᠦᠭᠦᠨ ᠮᠥᠨ᠂ ᠨᠠᠮ ᠪᠠ ᠠᠷᠠᠳ ᠲᠦᠮᠡᠨ ᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠵᠠᠢ᠃
ᠰᠢ ᠶᠢᠨ ᠫᠢᠩ᠂ ᠴᠧᠨ ᠶᠦᠨ ᠨᠥᠬᠦᠷ ᠤᠷᠳᠤ ᠬᠤᠭᠤᠴᠠᠭᠠᠨ ᠤ ᠬᠤᠪᠢᠰᠬᠠᠯ ᠤᠨ ᠠᠮᠢᠳᠤᠷᠠᠯ ᠳᠤᠮᠳᠠ ᠪᠠᠨ ᠪᠠᠲᠤ ᠴᠢᠩᠭ᠎ᠠ ᠬᠦᠰᠡᠯᠡᠩ ᠢᠲᠡᠭᠡᠯ ᠪᠢᠰᠢᠷᠡᠯ᠂ ᠪᠠᠲᠤ ᠴᠢᠩᠭ᠎ᠠ ᠨᠠᠮᠴᠢ ᠴᠢᠨᠠᠷ ᠤᠨ ᠵᠠᠷᠴᠢᠮ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠰᠤᠷᠲᠠᠯ᠂ ᠪᠣᠷᠣᠭᠵᠢᠭᠤᠨ ᠠᠯᠪᠠᠨ ᠵᠠᠷᠤᠴᠠ ᠶᠢᠨ ᠰᠡᠳᠬᠢᠯᠭᠡ᠂ ᠰᠢᠷᠭᠠᠭᠤ ᠰᠤᠷᠤᠯᠴᠠᠬᠤ ᠵᠣᠷᠢᠭ ᠰᠠᠨᠠᠭ᠎ᠠ ᠶᠢ ᠪᠤᠢ ᠪᠤᠯᠭᠠᠵᠤ ᠪᠠᠷᠢᠮᠲᠠᠯᠠᠭᠰᠠᠨ ᠨᠢ ᠡᠪ ᠬᠠᠮᠲᠤᠴᠤᠳ ᠤᠨ ᠡᠷᠬᠢᠮ ᠳᠡᠭᠡᠳᠦ ᠵᠠᠩ ᠴᠢᠨᠠᠷ ᠢ ᠢᠯᠡᠷᠡᠭᠦᠯᠵᠦ ᠪᠠᠶᠢᠨ᠎ᠠ᠃ ᠪᠢᠳᠡ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ ᠢ ᠰᠤᠷᠤᠯᠴᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠵᠠᠪᠠᠯ ᠢᠯᠠᠬᠤ ᠢᠲᠡᠭᠡᠯ ᠵᠣᠷᠢᠭ ᠢ ᠪᠤᠢ ᠪᠤᠯᠭᠠᠵᠤ᠂ ᠤᠷᠪᠠᠭᠠᠨ ᠬᠥᠷᠪᠡᠭᠡᠨ ᠲᠠᠢ᠂ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠤᠨ ᠡᠮᠦᠨ᠎ᠡ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢᠨ ᠠᠭᠤᠤ ᠦᠢᠯᠡᠰ ᠢ ᠴᠣᠭᠴᠠᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠂ ᠰᠤᠷᠲᠠᠯ ᠢᠶᠠᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠷᠠᠳ ᠣᠯᠠᠨ ᠤ ᠳᠡᠮᠵᠢᠯᠭᠡ ᠪᠠ ᠬᠦᠷᠢᠶᠡᠯᠡᠯ ᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠴᠧᠨ ᠶᠦᠨ ᠨᠥᠬᠦᠷ ᠶᠠᠮᠠᠷ ᠬᠦᠷᠢᠶ᠎ᠡ ᠶᠢ ᠬᠠᠷᠢᠭᠤᠴᠠᠭᠰᠠᠨ ᠴᠤ ᠲᠡᠷᠡ᠂ ᠠᠯᠢ ᠤᠳᠤᠷᠢᠳᠬᠤ ᠪᠠᠶᠢᠷᠢᠨ ᠳᠤ ᠠᠵᠢᠯᠯᠠᠭᠰᠠᠨ ᠴᠤ ᠲᠡᠷᠡ᠂ ᠴᠥᠮ ᠰᠢᠷᠭᠠᠭᠤ ᠰᠤᠷᠤᠯᠴᠠᠵᠤ᠂ ᠭᠦᠨᠵᠡᠭᠡᠢ ᠰᠤᠳᠤᠯᠵᠤ᠂ ᠵᠢᠮ᠎ᠡ ᠶᠣᠰᠣ ᠶᠢ ᠰᠦᠪᠡᠭᠴᠢᠯᠡᠵᠦ᠂ ᠭᠤᠣᠯᠳᠠᠯᠭ᠎ᠠ ᠶᠢ ᠠᠳᠬᠤᠵᠤ᠂ ᠭᠠᠷᠮᠠᠭᠠᠢ ᠤᠳᠤᠷᠢᠳᠬᠤ ᠴᠢᠳᠠᠪᠤᠷᠢ ᠪᠠᠨ ᠢᠯᠡᠷᠡᠭᠦᠯᠵᠦ᠂ ᠤᠳᠤ ᠪᠤᠯᠲᠠᠯ᠎ᠠ ᠴᠢᠬᠤᠯᠠ ᠠᠴᠢ ᠬᠤᠯᠪᠣᠭᠳᠠᠯ ᠪᠦᠬᠦᠢ ᠮᠠᠰᠢ ᠤᠯᠠᠨ ᠤᠳᠤᠷᠢᠳᠬᠤ ᠲᠤᠷᠰᠢᠯᠭ᠎ᠠ ᠶᠢ ᠡᠭᠦᠳᠦᠭᠰᠡᠨ ᠶᠤᠮ᠃ ᠪᠢᠳᠡ ᠴᠧᠨ ᠶᠦᠨ ᠨᠥᠬᠦᠷ ᠤᠨ ᠪᠠᠶᠠᠯᠢᠭ ᠤᠳᠤᠷᠢᠳᠬᠤ ᠲᠤᠷᠰᠢᠯᠭ᠎ᠠ ᠶᠢ ᠰᠤᠷᠤᠯᠴᠠᠵᠤ᠂ ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠴᠢᠳᠠᠪᠤᠷᠢ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠤᠯᠠᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠪᠣᠯ ᠴᠧᠨ ᠶᠦᠨ ᠨᠥᠬᠦᠷ ᠤᠨ ᠢᠯᠡ ᠲᠣᠳᠣ ᠣᠨᠴᠠᠯᠢᠭ ᠪᠣᠯᠣᠨ᠎ᠠ᠃ ᠲᠡᠷᠡ《 ᠤ ᠬᠢ ᠦᠬᠦᠮᠡᠯ ᠢᠶᠠᠷ ᠦᠯᠦ ᠳᠠᠭᠠᠵᠤ᠂ ᠨᠣᠮᠯᠠᠯ ᠢ ᠦᠬᠦᠮᠡᠯ ᠢᠶᠠᠷ ᠦᠯᠦ ᠳᠠᠭᠠᠵᠤ᠂ ᠵᠦᠪᠭᠡᠨ ᠪᠣᠳᠠᠲᠠᠢ ᠶᠢ ᠡᠷᠬᠢᠮᠯᠡᠵᠦ᠂ ᠰᠠᠨᠠᠯ ᠢᠶᠠᠨ ᠰᠣᠯᠢᠯᠴᠠᠨ᠂ ᠬᠠᠷᠢᠴᠠᠭᠤᠯᠵᠤ᠂ ᠲᠠᠭᠢᠨ ᠳᠠᠪᠲᠠᠬᠤ》 ᠭᠡᠬᠦ ᠪᠣᠳᠠᠰᠴᠢ ᠬᠤᠪᠢᠰᠤᠩᠭᠤᠢ ᠠᠷᠭ᠎ᠠ ᠪᠠᠷ ᠳᠦᠭᠦᠷᠦᠭᠰᠡᠨ《ᠠᠷᠪᠠᠨ ᠲᠠᠪᠤᠨ ᠦᠭᠡ ᠶᠢᠨ ᠲᠣᠮᠢᠶ᠎ᠠ》 ᠶᠢ ᠪᠣᠯᠪᠠᠰᠤᠷᠠᠭᠤᠯᠤᠨ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠪᠠᠶᠢᠴᠠᠭᠠᠨ ᠰᠤᠳᠤᠯᠤᠯᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠤᠷᠢᠲᠠᠯ ᠪᠣᠯᠭᠠᠪᠠ᠃ ᠪᠢᠳᠡ ᠴᠧᠨ ᠶᠦᠨ ᠨᠥᠬᠦᠷ ᠤᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯ ᠤᠨ ᠠᠷᠭ᠎ᠠ ᠶᠢ ᠰᠤᠷᠤᠯᠴᠠᠵᠤ᠂ ᠨᠠᠮ ᠤᠨ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠲᠡᠭᠦᠨ ᠳᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠪᠠᠶᠢᠳᠠᠯ ᠢ ᠵᠥᠪ ᠢᠶᠠᠷ ᠮᠠᠭᠠᠳᠯᠠᠵᠤ᠂ ᠢᠷᠡᠭᠡᠳᠦᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠢᠯ ᠤᠨ ᠰᠢᠰᠲ᠋ᠧᠮᠲᠦ ᠴᠢᠨᠠᠷ᠂ ᠵᠢᠱᠢᠯᠲᠡ ᠶᠢᠨ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠰᠢᠨ᠎ᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ ᠤ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠨᠡᠩ ᠪᠣᠳᠠᠲᠠᠢ ᠳᠤ ᠨᠡᠶᠢᠴᠡᠭᠦᠯᠵᠦ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠴᠧᠨ ᠶᠦᠨ ᠨᠥᠬᠦᠷ ᠤᠨ ᠠᠭᠤᠤ ᠶᠡᠭᠡ᠂ ᠢᠷᠠᠭᠤ ᠠᠯᠳᠠᠷᠲᠠᠢ ᠨᠢᠭᠡ ᠨᠠᠰᠤ ᠶᠢ ᠭᠦᠨ ᠰᠡᠳᠬᠢᠯᠭᠡ ᠲᠠᠢ ᠡᠷᠭᠢᠴᠡᠭᠦᠯᠵᠦ᠂ ᠴᠧᠨ ᠶᠦᠨ ᠨᠥᠬᠦᠷ ᠤᠨ ᠨᠠᠮ ᠪᠣᠯᠣᠨ ᠠᠷᠠᠳ ᠲᠦᠮᠡᠨ ᠤ ᠦᠢᠯᠡᠰ ᠤᠨ ᠲᠥᠯᠥᠭᠡ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠪᠦᠭᠦ ᠨᠠᠮ ᠢᠶᠠᠷ ᠢᠶᠠᠨ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ ᠢ ᠰᠤᠷᠤᠯᠴᠠᠵᠤ᠂ ᠤᠳᠤᠷᠢᠳᠬᠤ ᠲᠤᠷᠰᠢᠯᠭ᠎ᠠ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯᠯᠠᠬᠤ ᠠᠷᠭ᠎ᠠ ᠪᠠᠨ ᠪᠠᠶᠠᠯᠢᠭᠵᠢᠭᠤᠯᠬᠤ ᠬᠡᠷᠡᠭᠲᠡᠢ ᠭᠡᠵᠦ ᠤᠷᠢᠶᠠᠯᠠᠪᠠ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠨᠠᠷᠢᠨ ᠨᠢᠭᠲᠠ ᠭᠦᠨ ᠭᠦᠨᠵᠡᠭᠡᠢ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠬᠤ᠂ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠬᠡᠯᠡᠪᠡ᠃
ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᡁᠢ ᠵᠢᠶᠦ᠋ᠨ᠂ ᠱᠠᠩᠬᠠᠢ ᠬᠤᠲᠠ ᠶᠢᠨ ᠳᠠᠷᠤᠭ᠎ᠠ ᠭᠦᠩ ᠵᠧᠩ ᠤᠷᠢᠳ ᠬᠤᠵᠢᠳ ᠦᠭᠡ ᠬᠡᠯᠡᠪᠡ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ ᠱᠠᠩᠬᠠᠢ ᠬᠤᠳᠠ ᠶᠢᠨ ᠬᠠᠷᠢᠭᠤᠴᠠᠯᠭᠠᠲᠠᠨ ᠨᠥᠬᠦᠳ᠂ ᠴᠧᠨ ᠶᠦᠨ ᠨᠥᠬᠦᠷ ᠤᠨ ᠲᠦᠷᠦᠯ ᠰᠠᠳᠤᠨ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠵᠠᠢ᠃