ᠵᠤᠬᠢᠶᠠᠭᠴᠢ:
ᠴᠠᠭ:2025-06-20
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
2025 6 ᠶᠢᠨ 16 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠤᠰᠤ ᠠᠷᠪᠢᠯᠠᠬᠤ ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠤᠰᠤ ᠠᠷᠪᠢᠯᠠᠬᠤ ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ《ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ》 ᠶᠢᠨ ᠴᠢᠬᠤᠯᠠ ᠱᠠᠭᠠᠷᠳᠠᠯᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠪᠦᠭᠦ ᠣᠷᠣᠨ ᠤ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠪᠠᠯᠭᠠᠰᠤ᠂ ᠠᠮᠢ ᠠᠬᠤᠢ ᠵᠡᠷᠭᠡ ᠡᠯ᠎ᠡ ᠬᠦᠷᠢᠶᠡᠨ ᠤ ᠤᠰᠤ ᠠᠷᠪᠢᠯᠠᠬᠤ ᠶᠢ ᠪᠣᠳᠠᠲᠠᠢ ᠠᠳᠬᠤᠵᠤ᠂ ᠬᠡᠪ ᠤᠨ ᠪᠤᠰᠤ ᠤᠰᠤ ᠶᠢ ᠡᠷᠭᠢᠯᠳᠦᠭᠦᠯᠦᠨ ᠠᠰᠢᠭᠯᠠᠬᠤ ᠶᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠲᠠᠷᠢᠶᠠᠯᠠᠩ ᠤᠨ ᠤᠰᠤᠯᠠᠯᠲᠠ᠂ ᠭᠠᠵᠠᠷ ᠳᠣᠣᠷᠠᠬᠢ ᠤᠰᠤ ᠶᠢ ᠬᠠᠮᠠᠭᠠᠯᠠᠬᠤ ᠲᠠᠢ ᠬᠤᠯᠪᠣᠯᠳᠤᠭᠤᠯᠵᠤ᠂ ᠨᠢᠭᠡ ᠲᠠᠯ᠎ᠠ ᠪᠠᠷ ᠤᠰᠤ ᠳᠤᠲᠠᠭᠳᠠᠬᠤ᠂ ᠨᠦᠭᠦᠭᠡ ᠲᠠᠯ᠎ᠠ ᠪᠠᠷ ᠤᠰᠤ ᠶᠢ ᠪᠦᠷᠢᠯᠭᠡᠨ ᠰᠦᠢᠳᠬᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠭᠡᠷᠡᠭᠲᠡᠶ ᠤᠰᠤᠨ ᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠪᠠ ᠤᠰᠤᠨ ᠤ ᠦᠨ᠎ᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤᠨ ᠤ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠭᠡᠳᠡᠷᠭᠦ ᠰᠢᠬᠠᠮᠳᠠᠭᠤᠯᠬᠤ ᠭᠡᠷᠡᠭᠲᠡᠢ ᠣᠨ ᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠱᠠᠯᠠᠪᠳᠠᠨ ᠲᠦᠷᠭᠡᠨ ᠠᠵᠢᠯᠯᠠᠵᠤ᠂ ᠤᠰᠤ ᠠᠷᠪᠢᠯᠠᠬᠤ ᠢᠨᠵᠧᠨᠧᠷᠢᠩ ᠤᠨ ᠪᠠᠷᠢᠯᠭ᠎ᠠ ᠡᠬᠢᠯᠡᠭᠰᠡᠨ ᠨᠤᠷᠮ᠎ᠠ ᠶᠢ ᠠᠩᠬᠠᠷᠬᠤ ᠪᠠᠷ ᠪᠠᠷᠠᠬᠤ ᠦᠭᠡᠢ ᠪᠠᠰᠠ ᠪᠠᠷᠢᠯᠭ᠎ᠠ ᠳᠠᠭᠤᠰᠤᠭᠰᠠᠨ ᠨᠤᠷᠮ᠎ᠠ ᠶᠢ ᠴᠤ ᠠᠩᠬᠠᠷᠴᠤ᠂ ᠪᠠᠷᠢᠯᠭ᠎ᠠ ᠡᠬᠢᠯᠡᠭᠰᠡᠨ ᠨᠤᠷᠮ᠎ᠠ ᠨᠢ ᠬᠠᠭᠠᠰ ᠬᠦᠷᠬᠦ ᠦᠭᠡᠢ ᠭᠠᠵᠠᠷ ᠣᠷᠣᠨ ᠳᠤ ᠳᠠᠷᠤᠶᠢᠬᠠᠨ ᠡᠭᠦᠷᠭᠡ ᠪᠠᠭᠤᠯᠭᠠᠵᠤ᠂ ᠭᠤᠣᠯᠳᠠᠯᠭ᠎ᠠ ᠲᠠᠢ ᠠᠩᠬᠠᠷᠴᠤ᠂ ᠢᠯᠠᠩᠭᠤᠶ᠎ᠠ ᠤᠰᠤ ᠠᠷᠪᠢᠯᠠᠬᠤ ᠤᠬᠠᠮᠰᠠᠷ ᠢ ᠡᠯ᠎ᠡ ᠭᠤᠭᠴᠤᠭ᠎ᠠ᠂ ᠡᠯ᠎ᠡ ᠴᠡᠭ ᠭᠠᠵᠠᠷ ᠲᠤ ᠨᠠᠶᠢᠳᠠᠪᠤᠷᠢᠵᠢᠭᠤᠯᠵᠤ᠂ ᠪᠦᠭᠦ ᠨᠡᠶᠢᠭᠡᠮ ᠳᠤ ᠤᠰᠤ ᠠᠷᠪᠢᠯᠠᠬᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠲᠦᠷᠦᠭᠦᠯᠡᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠠᠷᠠᠳ ᠡᠵᠡᠩᠨᠡᠭᠰᠡᠨ ᠠᠵᠤ ᠠᠬᠤᠶᠢᠯᠠᠯ ᠳᠤ ᠭᠤᠣᠯᠳᠠᠭᠤ ᠪᠡᠯᠡ ᠬᠤᠷᠠᠮᠳᠤᠭᠤᠯᠬᠤ ᠳᠤ ᠬᠦᠴᠢᠷ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠢᠷ ᠵᠡᠷᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠳᠠᠭᠤ ᠲᠦᠷᠦᠯ ᠵᠦᠢᠯ ᠤᠨ ᠠᠬᠢᠴᠠ ᠤᠳᠠᠭᠠᠨ ᠪᠠᠶᠢᠬᠤ᠂ ᠪᠡᠯᠡ ᠣᠷᠣᠭᠤᠯᠤᠯᠲᠠ ᠶᠢ ᠪᠡᠶᠡᠯᠡᠭᠦᠯᠬᠦ ᠨᠤᠷᠮ᠎ᠠ ᠳᠣᠣᠷ᠎ᠠ ᠪᠠᠶᠢᠬᠤ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠭᠤᠣᠯᠳᠠᠭᠤ ᠦᠢᠯᠡᠳᠪᠦᠷᠢᠯᠡᠯ ᠡᠵᠡᠩᠨᠡᠯᠲᠡ ᠶᠢ ᠨᠢ ᠲᠣᠭᠲᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠭᠤᠣᠯᠳᠠᠭᠤ ᠵᠠᠬ᠎ᠠ ᠳᠡᠯᠭᠡᠭᠦᠷ ᠢ ᠨᠢ ᠬᠠᠪᠰᠤᠷᠤᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ ᠠᠵᠢᠯ ᠣᠯᠭᠤᠯᠲᠠ ᠶᠢᠨ ᠨᠥᠬᠦᠪᠦᠷᠢ ᠮᠥᠩᠭᠥ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠥ ᠶᠢᠨ ᠬᠠᠮᠢᠶᠠᠷᠤᠯᠲᠠ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠬᠤ ᠠᠰᠠᠭᠤᠳᠠᠯ᠂ ᠠᠳᠠᠯ ᠠᠬᠤᠢ ᠶᠢᠨ ᠦᠢᠯᠡᠴᠢᠯᠡᠭᠡ᠂ ᠬᠤᠲᠠ ᠪᠠᠯᠭᠠᠰᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠪᠠᠷ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂《ᠨᠢᠭᠡ 》 ᠤᠨ ᠲᠣᠭᠲᠠᠴᠠ ᠶᠣᠰᠣᠭᠠᠷ ᠠᠩᠬᠠᠷᠤᠨ ᠰᠢᠢᠳᠪᠦᠷᠢᠯᠡᠬᠦ ᠬᠡᠷᠡᠭᠲᠡᠢ᠃ ᠨᠢᠭᠤᠵᠤ ᠳᠠᠯᠳᠠᠯᠠᠵᠤ ᠪᠤᠯᠬᠤ ᠦᠭᠡᠢ᠂ ᠭᠡᠯᠪᠡᠷᠢ ᠶᠢᠨ ᠲᠡᠳᠦᠢ ᠪᠠᠶᠢᠵᠤ ᠪᠤᠯᠬᠤ ᠦᠭᠡᠢ᠂ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ 12345 ᠬᠠᠯᠠᠮᠰᠢᠯ ᠤᠲᠠᠰᠤ ᠶᠢ ᠰᠠᠶᠢᠲᠤᠷ ᠬᠡᠷᠡᠭᠯᠡᠵᠦ᠂ ᠬᠠᠲᠠᠭᠤ ᠲᠠᠢ ᠨᠢ ᠬᠠᠯᠳᠠᠵᠤ ᠭᠦᠨᠵᠡᠭᠡᠢ ᠵᠢᠭᠰᠠᠭᠠᠨ ᠪᠠᠶᠢᠴᠠᠭᠠᠬᠤ ᠬᠡᠷᠡᠭᠲᠡᠢ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠠᠵᠢᠯ ᠲᠥᠷᠥᠯ ᠳᠠᠷᠠᠭᠠᠯᠠᠨ ᠴᠠᠯᠢᠩ ᠥᠷᠢᠲᠦᠵᠦ ᠪᠠᠶᠢᠬᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠳᠠᠯ ᠠᠬᠤᠢ ᠶᠢᠨ ᠦᠢᠯᠡᠴᠢᠯᠡᠭᠡ ᠪᠠᠷ ᠪᠦᠭᠦᠨ ᠢ ᠬᠠᠮᠤᠷᠬᠤ ᠪᠠᠷ ᠪᠠᠷᠠᠬᠤ ᠦᠭᠡᠢ᠂ ᠨᠡᠩ ᠴᠤ ᠶᠠᠰᠤ ᠴᠢᠨᠠᠷ ᠢ ᠨᠢ ᠳᠡᠭᠡᠭᠰᠢᠯᠡᠭᠦᠯᠵᠦ᠂《ᠠᠰᠠᠭᠤᠳᠠᠯ ᠲᠠᠢ ᠪᠠᠷ ᠠᠵᠢᠯᠯᠠᠵᠤ ᠪᠠᠶᠢᠭ᠎ᠠ》ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠠᠯᠪᠠᠳᠠᠯᠭ᠎ᠠ ᠪᠠᠷ ᠠᠬᠢᠭᠤᠯᠵᠤ᠂ ᠰᠢᠲᠠᠮᠠᠬᠠᠢ ᠬᠡᠢ ᠶᠢᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠵᠤ᠂ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠤ ᠬᠡᠷᠡᠭ ᠢ ᠴᠢᠩᠭ᠎ᠠ ᠪᠠᠶᠢᠴᠠᠭᠠᠨ ᠴᠢᠩᠭ᠎ᠠ ᠰᠢᠢᠳᠪᠦᠷᠢᠯᠡᠵᠦ᠂ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠᠷ ᠳᠠᠮᠵᠢᠨ ᠰᠦᠷ ᠬᠦᠴᠦᠲᠦ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠬᠢᠨᠠᠨ ᠬᠠᠮᠢᠶᠠᠷᠬᠤ ᠲᠠᠯ᠎ᠠ ᠶᠢᠨ ᠲᠣᠪᠣᠶᠢᠮ᠎ᠠ ᠠᠰᠠᠭᠤᠳᠠᠯ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠨᠡᠶᠢᠲᠡᠴᠢ ᠴᠢᠨᠠᠷᠲᠠᠢ ᠠᠰᠠᠭᠤᠳᠠᠯ ᠢ ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠨᠢᠭᠡ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠦᠭᠦᠭᠡ ᠲᠠᠯ᠎ᠠ ᠪᠠᠷ ᠲᠠᠭᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ ᠲᠠᠪᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠶᠡᠷᠦᠩᠬᠡᠢ ᠲᠥᠰᠥᠯ ᠢ ᠰᠤᠳᠤᠯᠵᠤ᠂ ᠵᠡᠭᠦᠨ ᠬᠤᠶᠢᠲᠤ ᠠᠽᠢᠶ᠎ᠠ᠂ ᠳᠤᠮᠳᠠ ᠠᠽᠢᠶ᠎ᠠ ᠶᠢᠨ ᠡᠯ᠎ᠡ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠦᠵᠡᠰᠭᠦᠯᠡᠩ ᠢ ᠪᠣᠳᠠᠲᠠᠢ ᠶᠢ ᠡᠷᠬᠢᠮᠯᠡᠨ᠂ ᠠᠷᠪᠢᠴᠢ ᠭᠠᠮᠲᠠᠢ᠂ ᠨᠠᠷᠢᠨ ᠨᠢᠮᠪᠠᠢ ᠡᠷᠭᠢᠯᠡᠭᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠪᠠᠰᠠ ᠥᠷᠢ ᠥᠭᠴᠡᠭᠡ ᠶᠢᠨ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠲᠠᠭᠢᠨ ᠪᠠᠶᠢᠭᠤᠯᠬᠤ ᠵᠡᠷᠭᠡ ᠠᠵᠢᠯ ᠢ ᠰᠤᠳᠤᠯᠪᠠ᠃