ᠵᠤᠬᠢᠶᠠᠭᠴᠢ:
ᠴᠠᠭ:2025-06-20
ᠥᠵᠡᠭᠰᠡᠨ : ℃
ᠢᠷᠡᠯᠲᠡ:
ᠤᠯᠤᠰ ᠤᠨ ᠲᠠᠰ ᠤᠨ ᠨᠡᠷᠡᠰ ᠢ ᠨᠡᠶᠢᠲᠡᠯᠡᠪᠡ︕ ᠥᠪᠥᠷ ᠮᠣᠩᠭᠤᠯ ᠳᠠᠬᠢ ᠪᠠᠭᠤᠷᠢ ᠶᠢᠨ ᠬᠤᠶᠠᠷ ᠴᠡᠴᠡᠷᠯᠢᠭ ᠰᠣᠩᠭᠤᠭᠳᠠᠪᠠ
2025 6 ᠳ᠋ᠤᠭᠠᠷ ᠰᠠᠷ᠎ᠠ ᠶᠢᠨ 14 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠤᠯᠤᠰ ᠤᠨ ᠬᠠᠭᠤᠴᠢ ᠰᠤᠳᠤᠯᠤᠯ ᠪᠠᠭᠤᠷᠢ ᠶᠢᠨ 10 ᠴᠡᠴᠡᠷᠯᠢᠭ ᠤᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠰᠢᠷᠬᠤᠰᠤ ᠪᠠᠭᠤᠷᠢ ᠶᠢᠨ ᠴᠡᠴᠡᠷᠯᠢᠭ᠂ ᠬᠤᠷᠢᠨᠭᠡᠷ ᠤᠨ ᠲᠦ᠋ ᠴᠧᠩ ᠽᠢ ᠪᠠᠭᠤᠷᠢ ᠶᠢᠨ ᠴᠡᠴᠡᠷᠯᠢᠭ ᠰᠣᠩᠭᠤᠭᠳᠠᠪᠠ᠃
2022 ᠣᠨ ᠤ 12 ᠳ᠋ᠤᠭᠠᠷ ᠰᠠᠷ᠎ᠠ ᠳᠤ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠨᠢ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢᠶᠠᠷ ᠰᠢᠯᠭᠠᠷᠠᠭᠤᠯᠤᠭᠳᠠᠵᠦ᠂ ᠮᠠᠨ ᠤ ᠣᠷᠣᠨ ᠳᠤ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠦᠭᠡᠢ ᠪᠠᠶᠢᠭᠰᠠᠨ《ᠬᠤᠭᠤᠰᠣᠨ》 ᠢ ᠨᠦᠬᠦᠪᠦᠷᠢᠯᠡᠵᠡᠢ᠂ ᠥᠨᠥ ᠥᠪᠥᠷ ᠮᠣᠩᠭᠤᠯ ᠳᠤ ᠨᠢᠭᠡᠨᠲᠡ ᠤᠯᠤᠰ ᠤᠨ ᠬᠠᠭᠤᠴᠢ ᠰᠤᠳᠤᠯᠤᠯ ᠪᠠᠭᠤᠷᠢ ᠶᠢᠨ 3 ᠴᠡᠴᠡᠷᠯᠢᠭ ᠲᠠᠢ ᠪᠣᠯᠤᠭᠰᠠᠨ ᠪᠠᠶᠢᠨ᠎ᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠡᠳ᠋ ᠳᠠᠷᠤᠭ᠎ᠠ ᡁᠢ ᠰᠢᠶᠣᠣ ᠶᠦᠩ᠄《ᠬᠤᠷᠢᠨᠭᠡᠷ ᠤᠨ ᠲᠦ᠋ ᠴᠧᠩ ᠽᠢ ᠪᠠᠭᠤᠷᠢ ᠪᠠ ᠰᠢᠷᠬᠤᠰᠤ ᠶᠢᠨ ᠪᠠᠭᠤᠷᠢ ᠨᠢ ᠰᠢᠨ᠎ᠡ ᠨᠢᠭᠡ ᠪᠦᠯᠦᠭ ᠤᠨ ᠤᠯᠤᠰ ᠤᠨ ᠬᠠᠭᠤᠴᠢ ᠰᠤᠳᠤᠯᠤᠯ ᠪᠠᠭᠤᠷᠢ ᠶᠢᠨ ᠴᠡᠴᠡᠷᠯᠢᠭ ᠤᠨ ᠨᠡᠷᠡᠰ ᠲᠤ ᠰᠤᠩᠭᠤᠭᠳᠠᠪᠠ᠂ ᠡᠨᠡ ᠪᠣᠯ ᠮᠠᠨ ᠤ ᠣᠷᠣᠨ ᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠦᠷᠢᠶᠡᠨ ᠳᠠᠬᠢ ᠨᠢᠭᠡᠨ ᠲᠣᠮᠣ ᠶᠠᠪᠤᠳᠠᠯ᠂ ᠪᠠᠶᠠᠷᠲᠤ ᠶᠠᠪᠤᠳᠠᠯ ᠪᠣᠯᠣᠨ᠎ᠠ᠂ ᠡᠨᠡ ᠨᠢ ᠥᠪᠥᠷ ᠮᠣᠩᠭᠤᠯ ᠳᠤ ᠲᠣᠮᠣ ᠪᠠᠭᠤᠷᠢ ᠶᠢ ᠬᠠᠮᠠᠭᠠᠯᠠᠵᠤ ᠠᠰᠢᠭᠯᠠᠬᠤ ᠠᠵᠢᠯ ᠳᠠᠬᠢᠨᠳᠠ ᠰᠢᠨ᠎ᠡ ᠳᠡᠭᠲᠡᠷ ᠲᠤ ᠭᠠᠷᠴᠤ᠂ ᠳᠠᠬᠢᠨᠲᠠ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠥᠪᠥᠷ ᠮᠣᠩᠭᠤᠯ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠠ ᠲᠣᠮᠣ ᠪᠠᠭᠤᠷᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠯᠲᠠ᠂ ᠪᠠᠭᠤᠷᠢ ᠶᠢᠨ ᠳᠡᠯᠭᠡᠨ ᠦᠵᠡᠭᠦᠯᠭᠡ᠂ ᠨᠡᠭᠡᠭᠡᠨ ᠬᠥᠭᠵᠢᠭᠦᠯᠬᠦ ᠦᠢᠯᠡᠴᠢᠯᠡᠭᠡ ᠵᠡᠷᠭᠡ ᠲᠠᠯ᠎ᠠ ᠳᠤ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠤᠮᠠᠷᠠᠲᠤ ᠬᠢᠯᠢ ᠶᠢᠨ ᠰᠣᠶᠣᠯ ᠢ ᠭᠦᠨᠵᠡᠭᠡᠢ ᠰᠤᠳᠤᠯᠬᠤ ᠪᠠ ᠨᠡᠶᠢᠭᠡᠮ ᠠᠵᠤ ᠠᠬᠤᠢ ᠶᠢ ᠬᠥᠭᠵᠢᠭᠦᠯᠬᠦ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ》ᠭᠡᠵᠡᠢ᠃
ᠰᠢᠷᠬᠤᠰᠤ ᠶᠢᠨ ᠪᠠᠭᠤᠷᠢ ᠨᠢ ᠣᠷᠳᠣᠰ ᠬᠤᠲᠠ ᠶᠢᠨ ᠦᠦᠰᠢᠨ ᠬᠤᠰᠢᠭᠤᠨ ᠳᠤ ᠪᠠᠶᠢᠷᠢᠯᠠᠵᠤ᠂ ᠳᠤᠮᠳᠠᠳᠤ ᠤᠯᠤᠰ ᠤᠨ ᠬᠠᠮᠤᠭ ᠤᠨ ᠡᠷᠲᠡ ᠢᠯᠡᠷᠡᠭᠦᠯᠦᠭᠰᠡᠨ ᠪᠠ ᠨᠡᠭᠡᠭᠡᠨ ᠮᠠᠯᠲᠠᠭᠰᠠᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠶᠢᠨ ᠨᠢᠭᠡ ᠪᠣᠯᠣᠨ᠎ᠠ᠃ ᠴᠡᠴᠡᠷᠯᠢᠭ ᠤᠨ ᠲᠥᠯᠦᠪᠵᠢᠭᠦᠯᠭᠡ ᠶᠢᠨ ᠶᠡᠷᠦᠩᠬᠡᠢ ᠲᠠᠯᠠᠪᠠᠶ ᠨᠢ 1577.76 ᠾᠧᠺᠲ᠋ᠠᠷ ᠪᠠᠶᠢᠵᠤ᠂ ᠪᠠᠭᠤᠷᠢ ᠶᠢᠨ ᠣᠷᠣᠨ ᠳᠤ ᠣᠲᠣ ᠠᠴᠠ 10 ᠲᠦᠮᠡ ᠠᠴᠠ 5 ᠲᠦᠮᠡᠨ ᠵᠢᠯ ᠤᠨ ᠡᠮᠦᠨᠡᠬᠢ《ᠪᠣᠷᠣᠳᠣᠬᠤᠢ ᠶᠢᠨ ᠬᠥᠮᠥᠨ》 ᠤ ᠴᠢᠯᠠᠭᠤᠵᠢᠮᠠᠯ ᠪᠠ ᠵᠢᠵᠢᠭ ᠴᠢᠯᠠᠭᠤᠨ ᠵᠡᠪᠰᠡᠭ ᠵᠢᠴᠢ ᠬᠥᠬᠦᠲᠡᠨ ᠠᠮᠢᠲᠠᠨ ᠤ ᠡᠯᠪᠡᠭ ᠪᠠᠶᠠᠯᠢᠭ ᠴᠢᠯᠠᠭᠤᠵᠢᠮᠠᠯ ᠢ ᠢᠯᠡᠷᠡᠭᠦᠯᠵᠡᠢ᠂ ᠡᠨᠡ ᠪᠣᠯ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠳᠤᠮᠳᠠ ᠰᠡᠭᠦᠯᠴᠢ ᠦᠶ᠎ᠡ ᠳᠠᠬᠢ ᠵᠡᠭᠦᠨ ᠠᠽᠢᠶ᠎ᠠ ᠶᠢᠨ ᠡᠷᠲᠡᠨ ᠤ ᠬᠥᠮᠥᠨ ᠲᠥᠷᠥᠯᠬᠢᠲᠡᠨ ᠤ ᠤᠯᠠᠷᠢᠯ ᠬᠤᠪᠢᠰᠤᠯ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ ᠤᠮᠠᠷᠠᠲᠤ ᠶᠢᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠣᠶᠣᠯ ᠤᠨ ᠣᠯᠠᠨ ᠶᠠᠩᠵᠤᠲᠤ ᠴᠢᠨᠠᠷ ᠵᠢᠴᠢ ᠬᠥᠭᠵᠢᠯᠲᠡ ᠶᠢᠨ ᠴᠢᠬᠤᠯᠠ ᠭᠡᠷᠡᠴᠢ ᠪᠠᠷᠢᠮᠲᠠ ᠪᠣᠯᠣᠨ᠎ᠠ᠃
ᠥᠪᠥᠷ ᠮᠣᠩᠭᠤᠯ ᠣᠷᠣᠨ ᠤ ᠬᠠᠮᠤᠭ ᠤᠨ ᠪᠦᠷᠢᠨ ᠪᠦᠲᠦᠨ ᠬᠠᠳᠠᠭᠠᠯᠠᠭᠳᠠᠭᠰᠠᠨ᠂ ᠦᠷᠭᠦᠯᠵᠢᠯᠡᠨ ᠬᠡᠷᠡᠭᠯᠡᠭᠳᠡᠭᠰᠡᠨ ᠴᠠᠭ ᠢᠶᠠᠷ ᠬᠠᠮᠤᠭ ᠤᠨ ᠤᠷᠳᠤ ᠡᠷᠲᠡᠨ ᠤ ᠬᠤᠳᠠ ᠶᠢᠨ ᠪᠠᠭᠤᠷᠢ ᠶᠢᠨ ᠨᠢᠭᠡ ᠪᠣᠯᠤᠭᠰᠠᠨ ᠬᠤᠷᠢᠨᠭᠡᠷ ᠤᠨ ᠲᠦ᠋ ᠴᠧᠩ ᠽᠢ ᠪᠠᠭᠤᠷᠢ︵ᠪᠠᠰᠠ ᠱᠧᠩ ᠯᠸ ᠡᠷᠲᠡᠨ ᠤ ᠬᠤᠳᠠ︶ᠨᠢ ᠴᠦᠨ ᠴᠢᠦ ᠠᠴᠠ ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠬᠦᠷᠲᠡᠯᠡᠬᠢ ᠬᠤᠭᠤᠴᠠᠭ᠎ᠠ ᠶᠢ ᠰᠤᠨᠳᠠᠯᠠᠵᠤ᠂ 2000 ᠭᠠᠷᠤᠢ ᠵᠢᠯ ᠤᠨ ᠲᠡᠦᠬᠡ ᠶᠢ ᠲᠤᠭᠤᠯᠤᠨ᠂ ᠵᠦᠩᠶᠤᠸᠠᠨ ᠣᠷᠣᠨ ᠤ ᠲᠠᠷᠢᠶᠠᠯᠠᠬᠤ ᠪᠣᠯᠪᠠᠰᠤᠨ ᠪᠠ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠠᠭᠤᠰᠤᠯᠴᠠᠭᠰᠠᠨ ᠥᠩᠭᠡᠷᠡᠯᠲᠡ ᠶᠢ ᠭᠡᠷᠡᠴᠢᠯᠡᠵᠡᠢ᠃ ᠲᠣᠰ ᠪᠠᠭᠤᠷᠢ ᠨᠢ 2017 ᠣᠨ ᠳᠤ ᠭᠤᠷᠪᠠᠳᠤᠭᠠᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠪᠠᠭᠤᠷᠢ ᠶᠢᠨ ᠴᠡᠴᠡᠷᠯᠢᠭ ᠤᠨ ᠲᠥᠷᠥᠯ ᠵᠦᠢᠯ ᠤᠨ ᠨᠡᠷᠡᠰ ᠲᠤ ᠵᠢᠭᠰᠠᠭᠠᠭᠳᠠᠵᠤ᠂ ᠬᠠᠮᠠᠭᠠᠯᠠᠯᠲᠠ ᠲᠠᠢ ᠦᠵᠡᠭᠦᠯᠭᠡ ᠶᠢᠨ ᠢᠨᠵᠧᠨᠧᠷᠢᠩ ᠢ ᠣᠲᠣ ᠶᠠᠭ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠂ ᠢᠷᠡᠭᠡᠳᠦᠢ ᠳᠤ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ᠂ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠰᠣᠶᠣᠯ ᠤᠨ ᠪᠡᠯᠭᠡ ᠲᠡᠮᠳᠡᠭ ᠪᠣᠯᠭᠠᠨ ᠴᠣᠭᠴᠠᠯᠠᠬᠤ ᠪᠣᠯᠣᠨ᠎ᠠ᠃