ᠵᠤᠬᠢᠶᠠᠭᠴᠢ:
ᠴᠠᠭ:2025-06-25
ᠥᠵᠡᠭᠰᠡᠨ : ℃
ᠢᠷᠡᠯᠲᠡ:
ᠪᠦᠬᠦ ᠤᠯᠤᠰ ᠲᠤ ᠲᠦᠷᠦᠭᠦᠯᠡᠪᠡ︕ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 1.4 ᠳ᠋ᠦᠩᠰᠢᠭᠤᠷ ᠺᠢᠯᠤᠸᠠᠲ ᠢ ᠳᠠᠪᠠᠪᠠ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠠᠴᠠ ᠣᠶᠢᠯᠠᠭᠠᠭᠰᠠᠨ ᠢᠶᠠᠷ᠂ 2025 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ 14309 ᠲᠦᠮᠡᠨ ᠺᠢᠯᠣᠸᠠᠲ ᠲᠤ ᠬᠦᠷᠴᠦ᠂ ᠪᠦᠬᠦ ᠣᠷᠣᠨ ᠤ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 52% ᠢ ᠡᠵᠡᠯᠡᠵᠦ᠂ ᠪᠦᠬᠦ ᠤᠯᠤᠰ ᠲᠠᠬᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠠᠨ 1.4 ᠳ᠋ᠦᠩᠰᠢᠭᠤᠷ ᠺᠢᠯᠣᠸᠠᠲ ᠢ ᠳᠠᠪᠠᠭᠤᠯᠤᠭᠰᠠᠨ ᠠᠩᠬᠠᠳᠠᠭᠴᠢ ᠮᠣᠵᠢ ᠣᠷᠣᠨ ᠪᠣᠯᠵᠤ᠂ ᠪᠦᠬᠦ ᠤᠯᠤᠰ ᠤᠨ ᠰᠢᠨ᠎ᠡ ᠡᠨᠧᠷᠭᠢ ᠶᠢᠨ ᠬᠥᠭᠵᠢᠯᠲᠡ ᠳᠤ ᠲᠡᠷᠢᠭᠦᠨ ᠤ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠭᠰᠠᠨ ᠪᠠᠶᠢᠨ᠎ᠠ᠃
ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠤᠯᠤᠰ ᠤᠨ ᠴᠢᠬᠤᠯᠠ ᠡᠨᠧᠷᠭᠢ ᠶᠢ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠯᠤᠭ᠎ᠠ ᠨᠢᠭᠲᠠ ᠤᠶᠠᠯᠳᠤᠭᠤᠯᠤᠨ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ ᠲᠦᠷᠬᠡᠨ ᠠᠵᠢᠯᠯᠠᠭᠤᠯᠬᠤ ᠶᠢ ᠪᠠᠷᠢᠮᠲᠠᠯᠠᠵᠤ᠂ ᠴᠠᠬᠢᠯᠭᠠᠨ ᠬᠦᠴᠦᠨ ᠤ ᠲᠣᠤᠷ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠵᠦ᠂ ᠴᠠᠬᠢᠯᠭᠠᠨ ᠬᠦᠴᠦᠨ ᠤ ᠲᠣᠤᠷ ᠤᠨ ᠪᠠ ᠴᠠᠬᠢᠯᠭᠠᠨ ᠡᠭᠦᠰᠭᠡᠭᠴᠢ ᠶᠢᠨ ᠲᠥᠷᠥᠯ ᠵᠦᠢᠯ ᠤᠳ ᠢ ᠵᠡᠷᠭᠡ ᠪᠠᠷ ᠲᠥᠯᠥᠪᠵᠢᠭᠦᠯᠬᠦ᠂ ᠵᠡᠷᠭᠡ ᠪᠠᠷ ᠪᠥᠲᠥᠭᠡᠨ ᠪᠠᠶᠢᠭᠤᠯᠬᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠬᠥᠭᠵᠢᠯᠲᠡ ᠶᠢ ᠪᠥᠬᠦ ᠤᠯᠤᠰ ᠲᠤ ᠳᠠᠭᠠᠭᠤᠯᠤᠨ ᠲᠦᠷᠦᠭᠦᠯᠡᠭᠦᠯᠬᠦ ᠶᠢ ᠪᠡᠶᠡᠯᠡᠭᠦᠯᠪᠡ᠃ ᠡᠨᠡ ᠵᠢᠯ ᠤᠨ 1 5 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1247 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.5% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠶᠡᠷᠦᠩᠬᠡᠶ ᠬᠡᠮᠵᠢᠶᠡᠨ ᠤ 36% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠭᠠᠳᠠᠭᠰᠢ ᠬᠦᠷᠭᠡᠭᠰᠡᠨ ᠰᠢᠨ᠎ᠡ ᠡᠨᠧᠷᠭᠢ ᠶᠢᠨ ᠬᠡᠮᠵᠢᠶ᠎ᠡ 430 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62% ᠢᠶᠠᠷ ᠳᠡᠭᠡᠭᠰᠢᠯᠡᠪᠡ︔ ᠲᠤᠬᠠᠢ ᠶᠢᠨ ᠭᠠᠵᠠᠷ ᠣᠷᠣᠨ ᠳᠤ ᠪᠠᠨ ᠪᠠᠭᠲᠠᠭᠠᠨ ᠬᠡᠷᠡᠭᠯᠡᠭᠰᠡᠨ ᠬᠡᠮᠵᠢᠶ᠎ᠡ 817 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.3% ᠪᠠᠷ ᠳᠡᠭᠡᠭᠰᠢᠯᠡᠪᠡ᠃ ᠤᠰᠤᠨ ᠤ ᠪᠤᠰᠤ ᠳᠠᠬᠢᠯᠲᠠ ᠡᠨᠧᠷᠭᠢ ᠶᠢᠨ ᠴᠠᠬᠢᠯᠭᠠᠨ ᠬᠦᠴᠦᠨ ᠤ ᠪᠠᠭᠲᠠᠭᠠᠨ ᠬᠡᠷᠡᠭᠯᠡᠬᠦ ᠬᠠᠷᠢᠭᠤᠴᠠᠯᠭ᠎ᠠ ᠶᠢᠨ ᠡᠵᠡᠯᠡᠬᠦ ᠬᠤᠪᠢᠳᠠᠯ ᠨᠢ 36.8% ᠳᠤ ᠬᠦᠷᠪᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂《ᠡᠯᠡᠰᠦ ᠭᠤᠪᠢ ᠴᠥᠯ》ᠭᠠᠵᠠᠷ ᠤᠨ ᠲᠣᠮᠣ ᠬᠡᠪᠴᠢᠶᠡᠨ ᠤ ᠰᠠᠯᠬᠢᠨ ᠬᠦᠴᠦᠨ ᠤ ᠴᠠᠬᠢᠯᠭᠠᠨ ᠴᠡᠨᠡᠭ ᠤᠨ ᠰᠠᠭᠤᠷᠢᠨ ᠭᠠᠵᠠᠷ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠴᠡᠨᠡᠭ ᠤᠨ ᠠᠵᠤ ᠦᠢᠯᠡᠰ ᠢ ᠨᠢᠭᠡ ᠴᠣᠭᠴᠠᠵᠢᠭᠤᠯᠬᠤ᠂ ᠴᠡᠨᠡᠭ ᠢᠶᠠᠷ ᠬᠠᠪᠰᠤᠷᠤᠨ ᠲᠡᠳᠬᠦᠬᠦ ᠵᠡᠷᠭᠡ ᠭᠤᠤᠯᠳᠠᠯᠭ᠎ᠠ ᠪᠣᠯᠬᠤ ᠢᠨᠵᠧᠨᠧᠷᠢᠩ ᠤᠨ ᠲᠥᠷᠥᠯ ᠵᠦᠢᠯ ᠤᠳ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ 4000 ᠲᠦᠮᠡᠨ ᠺᠢᠯᠣᠸᠠᠲ ᠴᠠᠭ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠰᠢᠨ᠎ᠡ ᠡᠨᠧᠷᠭᠢ ᠶᠢᠨ ᠶᠡᠷᠦᠩᠬᠡᠶ ᠬᠡᠪᠴᠢᠶᠡᠵᠢᠯ ᠢ 1.7 ᠳ᠋ᠦᠩᠰᠢᠭᠤᠷ ᠺᠢᠯᠣᠸᠠᠲ ᠴᠠᠭ ᠠᠴᠠ ᠳᠠᠪᠠᠭᠤᠯᠵᠤ᠂ ᠭᠠᠳᠠᠭᠰᠢ ᠬᠦᠷᠭᠡᠬᠦ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢ 1000 ᠳ᠋ᠦᠩᠰᠢᠭᠤᠷ ᠺᠢᠯᠣᠸᠠᠲ ᠴᠠᠭ ᠠᠴᠠ ᠳᠠᠪᠠᠭᠤᠯᠵᠤ᠂ ᠤᠯᠤᠰ ᠤᠨ《ᠬᠤᠣᠰ ᠨᠡᠭᠦᠷᠡᠰᠦᠲᠥ᠋ᠷᠥᠭᠴᠢ》 ᠶᠢᠨ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠨᠡᠮᠡᠷᠢᠯᠡᠬᠦ ᠪᠣᠯᠣᠨ᠎ᠠ᠃