ᠵᠤᠬᠢᠶᠠᠭᠴᠢ:
ᠴᠠᠭ:2025-07-04
ᠥᠵᠡᠭᠰᠡᠨ : ℃
ᠢᠷᠡᠯᠲᠡ:
ᠰᠢ ᠵᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠰᠢᠨᠬᠤᠸᠠ ᠬᠤᠷᠢᠶᠠᠨ ᠤ 2025 7 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ ᠵᠢᠨ ᠫᠢᠩ 7 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠵᠡᠷᠭᠡ ᠠᠰᠠᠭᠤᠳᠠᠯ ᠤᠳ ᠢ ᠰᠤᠳᠤᠯᠪᠠ᠃ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠨ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠮᠥᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠬᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠳᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠳᠠᠯᠠᠢ ᠲᠠᠩᠭᠢᠰ ᠤᠨ ᠲᠠᠯ᠎ᠠ ᠪᠠᠷ ᠬᠦᠴᠦᠷᠬᠡᠭᠵᠢᠬᠦ ᠵᠠᠮ ᠢᠶᠠᠷ ᠵᠠᠮᠨᠠᠬᠤ ᠬᠡᠷᠡᠭᠲᠡᠢ ᠭᠡᠵᠡᠢ᠃
ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ ᠡᠷᠬᠢᠯᠡᠭᠴᠢ ᠯᠢ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠼᠠᠢ ᠴᠢ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠲᠣᠰ ᠬᠤᠷᠠᠯ ᠳᠤ ᠣᠷᠣᠯᠴᠠᠪᠠ᠃
ᠬᠤᠷᠠᠯ ᠢᠶᠠᠷ ᠵᠢᠭᠠᠵᠤ ᠭᠠᠷᠭᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯ 《ᠲᠠᠪᠤ ᠶᠢ ᠨᠢᠭᠡᠳᠬᠡᠵᠦ᠂ ᠨᠢᠭᠡ ᠶᠢ ᠨᠡᠭᠡᠭᠡᠯᠲᠡ ᠬᠢᠬᠦ》ᠶᠠᠪᠤᠳᠠᠯ ᠪᠣᠯᠣᠨ᠎ᠠ᠂ ᠲᠤᠬᠠᠶᠢᠯᠠᠪᠠᠯ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠨᠢᠭᠡᠳᠬᠡᠬᠦ᠂ ᠵᠠᠬ᠎ᠠ ᠳᠡᠯᠭᠡᠭᠦᠷ ᠤᠨ ᠰᠠᠭᠤᠷᠢ ᠪᠡᠯᠡᠳᠬᠡᠮᠵᠢ ᠶᠢ ᠨᠢᠭᠡᠳᠬᠡᠬᠦ᠂ ᠵᠠᠰᠠᠭ ᠤᠨ ᠣᠷᠳᠣᠨ ᠤ ᠠᠵᠢᠯᠯᠠᠭᠠᠨ ᠤ ᠪᠠᠷᠢᠮᠵᠢᠶ᠎ᠠ ᠶᠢ ᠨᠢᠭᠡᠳᠬᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠨᠢᠭᠡᠳᠬᠡᠬᠦ᠂ ᠴᠢᠬᠤᠯᠠ ᠬᠦᠴᠦᠨ ᠵᠦᠢᠯ ᠤᠨ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠨᠢᠭᠡᠳᠬᠡᠬᠦ᠂ ᠳᠣᠲᠣᠭᠠᠳᠤ ᠪᠠ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠬᠦ ᠶᠠᠪᠤᠳᠠᠯ ᠪᠣᠯᠣᠨ᠎ᠠ ᠭᠡᠵᠡᠢ᠃
ᠬᠤᠷᠠᠯ ᠢᠶᠠᠷ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠳᠤ᠂ ᠭᠤᠣᠯᠳᠠᠯᠭ᠎ᠠ ᠪᠣᠯᠬᠤ ᠬᠦᠴᠢᠷ ᠠᠰᠠᠭᠤᠳᠠᠯ ᠳᠤ ᠠᠩᠬᠠᠷᠤᠯ ᠵᠢᠡᠨ ᠲᠥᠪᠯᠡᠷᠡᠭᠦᠯᠵᠦ᠂ ᠠᠵᠤ ᠠᠬᠤᠶᠢᠯᠠᠯ ᠤᠨ ᠬᠢᠮᠳᠠ ᠦᠨ᠎ᠡ ᠪᠠᠷ ᠡᠮᠬᠢ ᠵᠠᠮᠪᠠᠷᠠᠭ᠎ᠠ ᠦᠭᠡᠢ ᠥᠷᠢᠰᠦᠯᠳᠦᠬᠦ ᠶᠢ ᠬᠠᠤᠯᠢ ᠲᠣᠭᠲᠠᠭᠠᠯ ᠶᠣᠰᠣᠭᠠᠷ ᠵᠠᠰᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠴᠣᠷᠤᠩᠭᠤᠢ ᠦᠢᠯᠡᠳᠪᠦᠷᠢᠯᠡᠬᠦ ᠴᠢᠳᠠᠮᠵᠢ ᠶᠢᠨ ᠡᠮᠬᠢ ᠵᠢᠷᠤᠮ ᠲᠠᠢ ᠪᠠᠷ ᠪᠤᠴᠠᠵᠤ ᠭᠠᠷᠬᠤ ᠶᠢ ᠠᠬᠢᠭᠤᠯᠤᠨ᠎ᠠ︔ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ᠂ ᠳᠠᠭᠠᠭᠠᠴᠢᠯᠠᠯᠲᠠ ᠣᠯᠣᠭᠰᠠᠨ ᠦᠷ᠎ᠡ ᠳ᠋ᠦᠩ ᠳᠤ ᠭᠤᠣᠯᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ︔ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠎ᠠ︔ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠭᠠᠳᠠᠭᠠᠳᠤ ᠳᠤ ᠭᠠᠷᠭᠠᠵᠤ ᠪᠠᠶᠢᠭᠰᠠᠨ ᠢ ᠳᠣᠲᠣᠭᠠᠳᠤ ᠳᠤ ᠪᠠᠨ ᠪᠣᠷᠣᠯᠠᠭᠤᠯᠬᠤ ᠲᠡᠶᠢᠰᠢ ᠰᠢᠯᠵᠢᠭᠦᠯᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶᠠᠨ ᠤ ᠨᠢᠭᠡ ᠪᠦᠯᠦᠭ ᠰᠢᠯᠢᠳᠡᠭ ᠠᠵᠤ ᠠᠬᠤᠶᠢᠯᠠᠯ ᠢ ᠪᠣᠶᠢᠵᠢᠭᠤᠯᠤᠨ᠎ᠠ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠨᠢᠭᠡᠳᠦᠯᠲᠡᠢ ᠪᠠᠶᠢᠬᠤ ᠳᠤ ᠠᠰᠢᠭᠲᠠᠢ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠳᠦᠷᠢᠮ ᠪᠠ ᠢᠲᠡᠭᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠬᠤ ᠪᠥᠭᠡᠳ ᠲᠡᠭᠦᠨ ᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠯᠭᠠᠨ ᠬᠢᠨᠠᠬᠤ ᠲᠣᠭᠲᠠᠯᠴᠠᠭ᠎ᠠ ᠪᠠ ᠺᠠᠳ᠋ᠷᠴᠤᠳ ᠤᠨ ᠠᠵᠢᠯ ᠤᠨ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠭᠡᠵᠡᠢ᠃
ᠬᠤᠷᠠᠯ ᠢᠶᠠᠷ ᠴᠢᠬᠤᠯᠠᠴᠢᠯᠠᠬᠤ ᠳᠤ ᠪᠠᠨ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ᠂ ᠥᠨᠳᠥᠷ ᠪᠦᠲᠦᠮᠵᠢᠲᠡᠢ ᠬᠠᠮᠵᠢᠯᠴᠠᠬᠤ᠂ ᠠᠵᠤ ᠦᠢᠯᠡᠰ ᠤᠨ ᠰᠢᠨᠡᠴᠢᠯᠡᠯᠲᠡ᠂ ᠬᠥᠮᠥᠨ ᠪᠠ ᠳᠠᠯᠠᠢ ᠲᠠᠩᠭᠢᠰ ᠤᠨ ᠡᠶ᠎ᠡ ᠵᠣᠬᠢᠴᠠᠯ᠂ ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠵᠡᠷᠭᠡ ᠶᠢ ᠨᠡᠩ ᠴᠢᠬᠤᠯᠠᠴᠢᠯᠠᠨ᠎ᠠ ᠭᠡᠵᠡᠢ᠃
ᠬᠤᠷᠠᠯ ᠢᠶᠠᠷ ᠵᠢᠭᠠᠵᠤ ᠭᠠᠷᠭᠠᠬᠤ ᠳᠤ ᠪᠠᠨ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠦᠵᠦ ᠲᠥᠯᠥᠪᠯᠡᠭᠡ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠳᠤ ᠨᠡᠶᠢᠭᠡᠮ ᠤᠨ ᠬᠥᠭᠵᠢᠯᠲᠡ ᠶᠢᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠲᠠᠯᠠᠢ ᠲᠠᠩᠭᠢᠰ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠯᠠᠢ ᠲᠠᠩᠭᠢᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠲᠠᠯᠠᠢ ᠲᠠᠩᠭᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠪᠦᠬᠦᠢ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ ᠬᠥᠭᠵᠢᠭᠦᠯᠦᠨ᠎ᠡ᠃ ᠳᠠᠯᠠᠢ ᠲᠠᠩᠭᠢᠰ ᠤᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠳᠠᠯᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠵᠢᠷᠤᠮᠵᠢᠭᠤᠨ ᠡᠮᠬᠢ ᠳᠢᠭᠯᠢᠮ ᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠯᠤᠰ ᠳᠠᠯᠠᠢ ᠳᠤ ᠣᠳᠣᠬᠢᠴᠢᠯᠠᠭᠰᠠᠨ ᠠᠩᠨᠠᠨ ᠱᠦᠭᠦᠬᠦ ᠶᠢ ᠬᠥᠭᠵᠢᠭᠦᠯᠵᠦ᠂ ᠳᠠᠯᠠᠢ ᠲᠠᠩᠭᠢᠰ ᠤᠨ ᠠᠮᠢᠳᠤ ᠪᠣᠳᠠᠰ ᠤᠨ ᠡᠮ ᠡᠮᠨᠡᠯᠭᠡ᠂ ᠠᠮᠢᠳᠤ ᠪᠣᠳᠠᠰ ᠤᠨ ᠪᠦᠲᠦᠭᠡᠭᠳᠡᠬᠦᠨ ᠢ ᠬᠥᠭᠵᠢᠭᠦᠯᠵᠦ᠂ ᠳᠠᠯᠠᠢ ᠲᠠᠩᠭᠢᠰ ᠤᠨ ᠣᠨᠴᠠᠯᠢᠭᠲᠤ ᠰᠣᠶᠣᠯ ᠪᠠ ᠵᠢᠭᠤᠯᠴᠢᠯᠠᠯ ᠤᠨ ᠬᠠᠷᠠᠯᠲᠠ ᠪᠣᠯᠬᠤ ᠣᠷᠣᠨ ᠢ ᠴᠣᠭᠴᠠᠯᠠᠵᠤ᠂ ᠳᠠᠯᠠᠢ ᠶᠢᠨ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠯᠠᠢ ᠶᠢᠨ ᠪᠤᠯᠤᠩ ᠤᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠤᠳᠤᠯᠤᠯ ᠢ ᠴᠢᠩᠭᠠᠳᠬᠠᠵᠤ᠂ ᠲᠠᠯᠠᠢ ᠳᠠᠭᠠᠤ ᠭᠠᠷᠠᠮ ᠤᠨ ᠪᠥᠭᠡᠮᠨᠡᠷᠡᠯ ᠢ ᠰᠢᠯᠢᠳᠡᠭᠵᠢᠭᠦᠯᠦᠨ ᠨᠡᠶᠢᠳᠬᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠳᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠭᠤᠣᠯᠳᠠᠯᠭ᠎ᠠ ᠪᠣᠯᠬᠤ ᠳᠠᠯᠠᠢ ᠶᠢᠨ ᠣᠷᠣᠨ ᠳᠠᠬᠢ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠬᠡᠷᠡᠭᠵᠢᠭᠦᠯᠵᠦ᠂ ᠳᠠᠯᠠᠢ ᠶᠢᠨ ᠣᠷᠣᠨ ᠢ ᠳᠠᠪᠬᠤᠷᠭ᠎ᠠ ᠬᠤᠪᠢᠶᠠᠨ ᠪᠣᠰᠤᠭ᠎ᠠ ᠴᠣᠭᠴᠠ ᠪᠠᠷ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠳᠠᠯᠠᠢ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠳᠤ ᠲᠣᠭᠠᠴᠠᠭ᠎ᠠ ᠬᠢᠬᠦ ᠶᠢ ᠰᠦᠪᠡᠭᠴᠢᠯᠡᠨ ᠥᠷᠨᠢᠭᠦᠯᠦᠨ᠎ᠡ᠃ ᠪᠦᠬᠦ ᠪᠥᠮᠪᠥᠷᠴᠡᠭ ᠤᠨ ᠳᠠᠯᠠᠢ ᠲᠠᠩᠭᠢᠰ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠬᠦ ᠪᠥᠮᠪᠥᠷᠴᠡᠭ ᠤᠨ ᠳᠠᠯᠠᠢ ᠲᠠᠩᠭᠢᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠴᠠᠭᠠᠯᠲᠠ᠂ ᠭᠠᠮᠰᠢᠭ ᠢ ᠂ ᠬᠥᠬᠡ ᠠᠵᠤ ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ ᠭᠡᠵᠡᠢ᠃
ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠲᠣᠰ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃