ᠵᠤᠬᠢᠶᠠᠭᠴᠢ:
ᠴᠠᠭ:2025-07-04
ᠥᠵᠡᠭᠰᠡᠨ : ℃
ᠢᠷᠡᠯᠲᠡ:
︽ᠦᠨᠡᠨ︾ᠰᠡᠳᠬᠦᠯ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠵᠣᠬᠢᠶᠠᠯ ᠢ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 6 ᠰᠠᠷ᠎ᠠ ᠶᠢᠨ 30 ᠤ ᠴᠠᠭᠢᠯᠭᠠᠨ ᠮᠡᠳᠡᠭᠡ 7 ᠶᠢᠨ 1 ᠤ ᠡᠳᠦᠷ 13 ᠳ᠋ᠤᠭᠠᠷ ᠬᠤᠭᠤᠴᠠᠭ᠎ᠠ ᠶᠢᠨ《ᠦᠨᠡᠨ》ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠵᠢᠨ ᠫᠢᠩ ᠤᠨ《ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ》 ᠭᠡᠬᠦ ᠴᠢᠬᠤᠯᠠ ᠵᠣᠬᠢᠶᠠᠯ ᠢ ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ ᠤᠨ 2016 ᠣᠨ ᠤ 10 ᠰᠠᠷ᠎ᠠ ᠠᠴᠠ 2025 ᠣᠨ ᠤ 4 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃
ᠵᠣᠬᠢᠶᠠᠯ ᠳᠤ᠂ ᠬᠦᠴᠦᠨ ᠴᠢᠳᠠᠯ ᠪᠣᠯ ᠪᠦᠯᠬᠦᠮᠳᠡᠯ ᠠᠴᠠ ᠢᠷᠡᠯᠲᠡ ᠲᠠᠢ᠂ ᠵᠣᠯ ᠵᠢᠷᠭᠠᠯ ᠪᠣᠯ ᠲᠡᠮᠡᠴᠡᠯ ᠠᠴᠠ ᠢᠷᠡᠯᠲᠡ ᠲᠠᠢ ᠶᠤᠮ᠃ ᠪᠦᠯᠬᠦᠮᠳᠡᠨ ᠲᠡᠮᠡᠴᠡᠵᠦ ᠴᠢᠳᠠᠬᠤ ᠦᠨᠳᠦᠰᠦᠲᠡᠨ ᠰᠠᠶ᠋ᠢ ᠢᠷᠡᠭᠡᠳᠦᠢ ᠲᠠᠢ ᠪᠠᠶᠢᠵᠤ᠂ ᠪᠦᠯᠬᠦᠮᠳᠡᠨ ᠲᠡᠮᠡᠴᠡᠵᠦ ᠴᠢᠳᠠᠬᠤ ᠲᠦᠷᠦ ᠶᠢᠨ ᠨᠠᠮ ᠰᠠᠶ᠋ᠢ ᠢᠯᠠᠭᠳᠠᠰᠢ ᠦᠭᠡᠢ ᠪᠠᠶᠢᠷᠢᠨ ᠳᠤ ᠪᠠᠶᠢᠵᠤ ᠴᠢᠳᠠᠨ᠎ᠠ᠃ ᠳᠤᠮᠳᠠᠳᠤ ᠤᠯᠤᠰ ᠤᠨ ᠠᠷᠠᠳ ᠲᠦᠮᠡᠨ ᠪᠣᠯ ᠠᠭᠤᠤ ᠶᠡᠭᠡ ᠪᠦᠯᠬᠦᠮᠳᠡᠯ ᠤᠨ ᠵᠣᠷᠢᠭ ᠰᠠᠨᠠᠭ᠎ᠠ᠂ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠲᠠᠢ ᠠᠷᠠᠳ ᠲᠦᠮᠡᠨ ᠮᠥᠨ᠃ ᠨᠠᠮ ᠪᠠ ᠠᠷᠠᠳ ᠲᠦᠮᠡᠨ ᠤ ᠣᠯᠣᠭᠰᠠᠨ ᠠᠯᠢᠪᠠ ᠠᠮᠵᠢᠯᠲᠠ ᠪᠦᠲᠦᠮᠵᠢ ᠪᠣᠯ ᠴᠥᠮ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠶᠤᠨ ᠰᠠᠨᠠᠭᠠᠨ ᠤ ᠬᠠᠮᠤᠭ ᠤᠨ ᠢᠯᠡᠷᠬᠡᠢ ᠪᠡᠯᠭᠡ ᠲᠡᠮᠳᠡᠭ ᠮᠥᠨ ᠭᠡᠵᠦ ᠴᠢᠬᠤᠯᠠᠴᠢᠯᠠᠪᠠ᠃
ᠵᠣᠬᠢᠶᠠᠯ ᠳᠤ᠂ ᠲᠡᠮᠡᠴᠡᠯ ᠤᠨ ᠬᠠᠷᠠᠯᠲᠠ ᠶᠢ ᠲᠣᠳᠣᠷᠬᠠᠶᠢᠯᠠᠬᠤ ᠶᠢᠨ ᠲᠣᠭᠤᠷᠢᠨ ᠳᠤ ᠪᠦᠷᠢᠯᠳᠦᠭᠰᠡᠨ ᠪᠦᠯᠬᠦᠮᠳᠡᠯ ᠪᠣᠯ ᠰᠠᠶ᠋ᠢ ᠬᠠᠮᠤᠭ ᠤᠨ ᠪᠠᠲᠤ ᠪᠦᠯᠬᠦᠮᠳᠡᠯ ᠮᠥᠨ᠂ ᠨᠢᠭᠲᠠ ᠪᠦᠯᠬᠦᠮᠳᠡᠯ ᠳᠤ ᠲᠦᠰᠢᠭᠯᠡᠨ ᠬᠢᠬᠦ ᠲᠡᠮᠡᠴᠡᠯ ᠪᠣᠯ ᠰᠠᠶ᠋ᠢ ᠬᠠᠮᠤᠭ ᠤᠨ ᠬᠦᠴᠦᠲᠡᠢ ᠲᠡᠮᠡᠴᠡᠯ ᠮᠥᠨ᠃ ᠰᠢᠨ᠎ᠡ ᠠᠶᠠᠨ ᠳᠤ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠦᠰᠢᠭᠯᠡᠨ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠶᠢᠨ ᠦᠢᠯᠡᠰ ᠮᠥᠨ᠂ ᠪᠠᠰᠠ ᠴᠤ ᠠᠶᠤᠯ ᠲᠦᠭᠰᠢᠭᠦᠷᠢ ᠥᠷᠢᠰᠦᠯᠳᠦᠭᠡᠨ ᠢᠶᠠᠷ ᠳᠦᠭᠦᠷᠦᠭᠰᠡᠨ᠂ ᠰᠢᠷᠭᠠᠭᠤ ᠴᠢᠷᠮᠠᠶᠢᠯᠭ᠎ᠠ ᠭᠠᠷᠭᠠᠬᠤ ᠴᠢᠬᠤᠯᠠᠲᠠᠢ ᠠᠤᠭ᠎ᠠ ᠦᠢᠯᠡᠰ ᠮᠥᠨ᠂ ᠡᠷᠬᠡᠪᠰᠢ ᠪᠦᠭᠦ ᠠᠷᠠᠳ ᠲᠦᠮᠡᠨ ᠤ ᠬᠠᠮᠲᠤ ᠪᠠᠷ ᠣᠷᠤᠯᠴᠠᠬᠤ᠂ ᠬᠠᠮᠲᠤ ᠪᠠᠷ ᠪᠦᠲᠦᠭᠡᠨ ᠪᠠᠶᠢᠭᠤᠯᠬᠤ᠂ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠪᠦᠭᠦ ᠠᠷᠠᠳ ᠲᠦᠮᠡᠨ ᠤ ᠰᠡᠳᠬᠢᠯ ᠨᠢᠭᠡᠳᠦᠨ ᠬᠠᠮᠲᠤᠷᠠᠯᠴᠠᠬᠤ᠂ ᠠᠤᠭ᠎ᠠ ᠦᠢᠯᠡᠰ ᠢ ᠬᠠᠮᠲᠤ ᠪᠠᠷ ᠪᠦᠲᠦᠭᠡᠬᠦ ᠳᠤ ᠨᠢᠭᠲᠠ ᠲᠦᠰᠢᠭᠯᠡᠬᠦ ᠬᠡᠷᠡᠭᠲᠡᠢ᠃ ᠡᠷᠬᠡᠪᠰᠢ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ ᠪᠤᠯᠬᠤ ᠬᠦᠴᠦᠨ ᠪᠦᠭᠦᠨ ᠲᠠᠢ ᠪᠦᠯᠬᠦᠮᠳᠡᠵᠦ᠂ ᠳᠠᠶᠢᠴᠢᠯᠠᠵᠤ ᠪᠤᠯᠬᠤ ᠢᠳᠡᠪᠬᠢ ᠬᠦᠴᠦᠨ ᠵᠦᠢᠯ ᠪᠦᠭᠦᠨ ᠢ ᠳᠠᠶᠢᠴᠢᠯᠠᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠵᠣᠯ ᠵᠢᠷᠭᠠᠯ ᠢ ᠲᠡᠮᠡᠴᠡᠵᠦ ᠪᠠᠶᠢᠭᠠᠳ ᠣᠯᠳᠠᠭ ᠶᠤᠮ᠂ ᠲᠡᠮᠡᠴᠡᠯ ᠤᠨ ᠲᠤᠰ ᠪᠡᠶ᠎ᠡ ᠪᠣᠯ ᠳᠠᠷᠤᠢ ᠨᠢᠭᠡ ᠵᠦᠢᠯ ᠤᠨ ᠵᠣᠯ ᠵᠢᠷᠭᠠᠯ ᠮᠥᠨ᠃ ᠦᠨᠳᠦᠰᠦᠲᠡᠨ ᠤ ᠰᠡᠷᠭᠦᠨ ᠮᠠᠨᠳᠤᠯᠲᠠ ᠶᠢᠨ ᠡᠭᠦᠷᠭᠡ ᠶᠢ ᠲᠡᠮᠡᠴᠡᠯ ᠢᠶᠠᠷ ᠪᠡᠶᠡᠯᠡᠭᠦᠯᠬᠦ ᠬᠡᠷᠡᠭᠲᠡᠢ᠂ ᠬᠥᠮᠥᠨ ᠤ ᠠᠮᠢᠳᠤᠷᠠᠯ ᠤᠨ ᠬᠦᠰᠡᠯᠡᠩ ᠢᠶᠠᠨ ᠲᠡᠮᠡᠴᠡᠯ ᠢᠶᠠᠷ ᠪᠡᠶᠡᠯᠡᠭᠦᠯᠬᠦ ᠬᠡᠷᠡᠭᠲᠡᠢ᠃ ᠲᠡᠮᠡᠴᠡᠯ ᠪᠣᠯ ᠬᠠᠲᠠᠭᠤᠵᠢᠯᠲᠠᠢ᠂ ᠤᠷᠳᠤ ᠬᠤᠭᠤᠴᠠᠭᠠᠨ ᠤ᠂ ᠮᠤᠷᠤᠢ ᠰᠠᠷᠤᠢ ᠪᠠᠶᠢᠳᠠᠭ᠂ ᠡᠷᠬᠡᠪᠰᠢ ᠨᠡᠩ ᠪᠡᠷᠬᠡ ᠬᠠᠲᠠᠭᠤ᠂ ᠨᠡᠩ ᠲᠡᠰᠪᠦᠷᠢ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠥᠭᠡᠷᠡᠴᠢᠯᠡᠯᠲᠡ ᠬᠥᠭᠵᠢᠯᠲᠡ ᠶᠠᠭ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠴᠢᠬᠤᠯᠠ ᠱᠠᠲᠤ ᠦᠶ᠎ᠡ ᠳᠦ ᠣᠷᠣᠰᠢᠵᠤ ᠪᠠᠶᠢᠨ᠎ᠠ᠂ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡᠨ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠮᠡᠴᠡᠯ ᠴᠥᠭᠡᠨ ᠪᠤᠰᠤ ᠶᠤᠮ᠃ ᠪᠦᠰᠡᠯᠡᠯᠲᠡ᠂ ᠬᠤᠷᠢᠭᠯᠠᠯᠲᠠ᠂ ᠴᠣᠬᠢᠯᠲᠠ ᠶᠢᠨ ᠡᠮᠦᠨ᠎ᠡ᠂ ᠪᠢᠳᠡ ᠢᠲᠡᠭᠡᠯ ᠲᠡᠭᠦᠯᠳᠡᠷ ᠢᠶᠠᠷ ᠲᠡᠮᠡᠴᠡᠯ ᠬᠢᠬᠦ ᠬᠡᠷᠡᠭᠲᠡᠢ᠃ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠭᠯᠡᠯ ᠢ ᠡᠵᠡᠮᠳᠡᠵᠦ᠂ ᠲᠡᠮᠡᠴᠡᠯ ᠤᠨ ᠵᠢᠮ᠎ᠡ ᠶᠣᠰᠣ ᠶᠢ ᠡᠵᠡᠮᠰᠢᠵᠦ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠬᠦᠨᠳᠦ ᠶᠡᠭᠡ ᠥᠷᠢᠰᠦᠯᠳᠦᠭᠡᠨ ᠢ ᠪᠦᠲᠦᠮᠵᠢᠲᠡᠢ ᠠᠷᠭᠠᠴᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠵᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠪᠦᠯᠬᠦᠮᠳᠡᠨ ᠲᠡᠮᠡᠴᠡᠬᠦ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ᠃ ᠪᠢᠳᠡ ᠪᠦᠯᠬᠦᠮᠳᠡᠨ ᠲᠡᠮᠡᠴᠡᠬᠦ ᠳᠤ ᠲᠦᠰᠢᠭᠯᠡᠨ ᠭᠡᠷᠡᠯ ᠰᠠᠴᠤᠷᠠᠩᠭᠤᠢ ᠲᠡᠦᠬᠡ ᠶᠢ ᠡᠭᠦᠳᠦᠨ ᠪᠦᠲᠦᠭᠡᠪᠡ᠂ ᠪᠠᠰᠠ ᠪᠦᠯᠬᠦᠮᠳᠡᠨ ᠲᠡᠮᠡᠴᠡᠬᠦ ᠳᠤ ᠲᠦᠰᠢᠭᠯᠡᠨ ᠰᠠᠶᠢᠨ ᠰᠠᠶᠢᠬᠠᠨ ᠢᠷᠡᠭᠡᠳᠦᠢ ᠪᠠᠨ ᠨᠡᠭᠡᠭᠡᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠪᠦᠭᠦᠳᠡᠭᠡᠷ ᠰᠡᠳᠬᠢᠯ ᠨᠢᠭᠡᠳᠦᠨ ᠪᠣᠯᠣᠳ ᠬᠡᠷᠡᠮ ᠪᠣᠯᠵᠤ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠳᠡᠭ ᠯᠡ ᠶᠤᠮ ᠪᠣᠯ ᠪᠢᠳᠡ ᠯᠠᠪᠲᠠᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢᠯᠠᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃