ᠵᠤᠬᠢᠶᠠᠭᠴᠢ:
ᠴᠠᠭ:2025-06-30
ᠥᠵᠡᠭᠰᠡᠨ : ℃
ᠢᠷᠡᠯᠲᠡ:
ᠰᠢ ᠵᠢᠨ ᠫᠢᠩ ᠪᠠ ᠮᠣᠽᠠᠮᠪᠢᠺ ᠤᠨ ᠶᠡᠷᠦᠩᠬᠡᠶᠢᠯᠡᠭᠴᠢ ᠴᠠᠫᠤ ᠳᠤᠮᠳᠠᠳᠤ ᠤᠯᠤᠰ ᠪᠠ ᠮᠣᠽᠠᠮᠪᠢᠺ ᠤᠨ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠶᠠᠪᠤᠭᠤᠯᠪᠠ
ᠰᠢᠨᠬᠤᠸᠠ ᠬᠤᠷᠢᠶᠠᠨ ᠤ ᠪᠡᠭᠡᠵᠢᠩ ᠤᠨ 2025 6 ᠳ᠋ᠤᠭᠠᠷ ᠰᠠᠷ᠎ᠠ ᠶᠢᠨ 25 ᠤ ᠡᠳᠦᠷ ᠤᠨ ᠴᠠᠬᠢᠯᠭᠠᠨ 6 ᠳ᠋ᠤᠭᠠᠷ ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠵᠢᠨ ᠫᠢᠩ ᠮᠣᠽᠠᠮᠪᠢᠺ ᠤᠨ ᠶᠡᠷᠦᠩᠬᠡᠶᠢᠯᠡᠭᠴᠢ ᠴᠠᠫᠤ ᠯᠤᠭ᠎ᠠ ᠬᠠᠷᠢᠯᠴᠠᠨ ᠪᠠᠶᠠᠷ ᠤᠨ ᠴᠠᠬᠢᠯᠭᠠᠨ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠶᠢ ᠪᠡᠯᠭᠡᠯᠡᠪᠡ᠃
ᠰᠢ ᠵᠢᠨ ᠫᠢᠩ ᠵᠢᠭᠠᠵᠤ ᠭᠠᠷᠭᠠᠬᠤ ᠳᠤ ᠪᠠᠨ᠂ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠲᠤᠷᠰᠢ᠂ ᠳᠡᠯᠡᠬᠡᠢ ᠶᠢᠨ ᠪᠠᠶᠢᠳᠠᠯ ᠳᠤ ᠶᠠᠭᠠᠬᠢᠵᠤ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠪᠠ ᠮᠣᠽᠠᠮᠪᠢᠺ ᠴᠥᠮ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠵᠦ᠂ ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠪᠠᠶᠢᠪᠠ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠶᠢᠭᠤᠯᠤᠭᠳᠠᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠬᠠᠮᠲᠤᠷᠠᠨ ᠤᠷᠤᠭᠰᠢᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠨᠡᠩ ᠭᠡᠭᠡᠨ ᠰᠠᠷᠠᠭᠤᠯ ᠢᠷᠡᠭᠡᠳᠦᠢ ᠪᠠᠨ ᠤᠭᠲᠤᠬᠤ ᠨᠢ ᠯᠠᠪᠲᠠᠢ ᠶᠤᠮ ᠭᠡᠳᠡᠭ ᠲᠤ ᠪᠢ ᠪᠠᠲᠤ ᠢᠲᠡᠭᠡᠯᠲᠡᠢ ᠪᠠᠶᠢᠨ᠎ᠠ᠃ ᠪᠢ ᠳᠤᠮᠳᠠᠳᠤ ᠪᠠ ᠮᠣᠽᠠᠮᠪᠢᠺ ᠤᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶᠢᠯᠡᠭᠴᠢ ᠠᠪᠤᠭᠠᠢ ᠯᠤᠭ᠎ᠠ ᠴᠢᠷᠮᠠᠶᠢᠵᠤ ᠪᠠᠶᠢᠭᠠᠳ᠂ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠠᠨ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂《ᠨᠢᠭᠡ ᠪᠦᠰᠡ ᠨᠢᠭᠡ ᠵᠠᠮ》 ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠪᠠ ᠳᠤᠮᠳᠠᠳᠤ ᠪᠠ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠪᠦᠳᠦᠭᠦᠪᠴᠢ ᠵᠥᠪᠯᠡᠯᠴᠡᠭᠡᠷ ᠤᠨ ᠬᠡᠪᠴᠢᠶᠡᠨ ᠳᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠪᠠ ᠮᠣᠽᠠᠮᠪᠢᠺ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠬᠤ ᠬᠠᠨᠢᠲᠠᠨ ᠤ ᠬᠠᠷᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ ᠭᠡᠵᠡᠢ᠃
ᠴᠠᠫᠤ ᠢᠯᠡᠷᠬᠡᠶᠢᠯᠡᠬᠦ ᠳᠤ ᠪᠠᠨ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠤᠢ ᠨᠢ ᠮᠥᠨ ᠴᠤ ᠮᠣᠽᠠᠮᠪᠢᠺ ᠤᠨ ᠲᠤᠰᠠᠭᠠᠷ ᠲᠣᠭᠲᠠᠨᠢᠭᠰᠠᠨ 50 ᠵᠢᠯ ᠤᠨ ᠤᠢ ᠪᠣᠯᠣᠨ᠎ᠠ᠂ ᠡᠨᠡ ᠨᠢ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠪᠠ ᠠᠬ᠎ᠠ ᠳᠡᠭᠦᠦ ᠮᠡᠲᠦ ᠶᠢᠨ ᠰᠡᠳᠬᠢᠯᠭᠡ ᠶᠢ ᠬᠠᠷᠠᠭᠤᠯᠵᠤ ᠪᠠᠶᠢᠭ᠎ᠠ ᠶᠤᠮ᠃ ᠲᠤᠰᠠᠭᠠᠷ ᠲᠣᠭᠲᠠᠨᠢᠯ ᠢᠶᠠᠨ ᠲᠡᠮᠡᠴᠡᠨ ᠣᠯᠣᠭᠰᠠᠨ ᠵᠠᠮ ᠳᠤ ᠦᠵᠡᠭᠦᠯᠦᠭᠰᠡᠨ ᠳᠤᠮᠳᠠᠳᠤ ᠶᠢᠨ ᠲᠠᠯ᠎ᠠ ᠶᠢᠨ ᠨᠥᠬᠦᠴᠡᠯ ᠦᠭᠡᠢ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠮᠣᠽᠠᠮᠪᠢᠺ ᠤᠨ ᠲᠠᠯ᠎ᠠ ᠨᠢ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠦᠷᠭᠦᠯᠵᠢᠯᠡᠨ ᠵᠢᠷᠤᠮᠯᠠᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠲᠡᠮᠵᠢᠵᠤ᠂ ᠳᠤᠮᠳᠠᠳᠤ ᠶᠢᠨ ᠲᠠᠯ᠎ᠠ ᠶᠢᠨ ᠴᠢᠬᠤᠯᠠ ᠶᠡᠭᠡ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠶᠢᠨ ᠲᠠᠯ᠎ᠠ ᠯᠤᠭ᠎ᠠ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠰᠠᠭᠤᠷᠢᠨ ᠳᠡᠭᠡᠷ᠎ᠡ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ ᠪᠠ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠡᠢ᠃