ᠵᠤᠬᠢᠶᠠᠭᠴᠢ:
ᠴᠠᠭ:2025-07-04
ᠥᠵᠡᠭᠰᠡᠨ : ℃
ᠢᠷᠡᠯᠲᠡ:
ᠥᠪᠥᠷ ᠮᠣᠩᠭᠤᠯ ᠤᠨ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠪᠥᠬᠦ ᠱᠤᠭᠤᠮ ᠢᠶᠠᠷ ᠲᠤᠷᠰᠢᠨ ᠨᠡᠪᠲᠡᠷᠡᠭᠦᠯᠦᠭᠡᠳ ᠠᠮᠵᠢᠯᠲᠠ ᠣᠯᠪᠠ
2025 6 ᠳ᠋ᠤᠭᠠᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠪᠥᠬᠦ ᠱᠤᠭᠤᠮ ᠢᠶᠠᠷ ᠲᠤᠷᠰᠢᠨ ᠨᠡᠪᠲᠡᠷᠡᠭᠦᠯᠦᠭᠡᠳ ᠠᠮᠵᠢᠯᠲᠠ ᠣᠯᠣᠭᠰᠠᠨ ᠨᠢ ᠲᠣᠰ ᠢᠨᠵᠧᠨᠧᠷᠢᠩ ᠤᠨ ᠪᠥᠬᠦ ᠱᠤᠭᠤᠮ ᠢᠶᠠᠷ ᠤᠰᠤ ᠤᠷᠤᠰᠬᠠᠨ ᠨᠡᠪᠲᠡᠷᠡᠭᠦᠯᠬᠦ ᠴᠢᠳᠠᠪᠤᠷᠢ ᠶᠢᠨ ᠵᠢᠩᠬᠢᠨᠢ ᠪᠠᠷ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃
ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠣᠯ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ 172 ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠨᠢᠭᠡ ᠪᠣᠯᠣᠨ᠎ᠠ᠂ ᠲᠡᠷᠡ ᠨᠢ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯᠯᠠᠬᠤ ᠢᠨᠵᠧᠨᠧᠷᠢᠩ ᠳᠤ ᠬᠠᠷᠢᠶᠠᠯᠠᠭᠳᠠᠨ᠎ᠠ᠃ ᠲᠤᠰ ᠢᠨᠵᠧᠨᠧᠷᠢᠩ ᠨᠢ ᠭᠤᠣᠯᠳᠠᠭᠤ ᠤᠰᠤᠨ ᠤ ᠰᠤᠷᠪᠤᠯᠵᠢ ᠶᠢᠨ ᠢᠨᠵᠧᠨᠧᠷᠢᠩ ᠪᠠ ᠤᠰᠤ ᠳᠠᠮᠵᠢᠭᠤᠯᠬᠤ ᠢᠨᠵᠧᠨᠧᠷᠢᠩ ᠭᠡᠬᠦ ᠬᠤᠶᠠᠷ ᠬᠡᠰᠡᠭ ᠢᠶᠠᠷ ᠪᠦᠷᠢᠯᠳᠦᠵᠡᠢ᠃ ᠡᠭᠦᠨ ᠳᠤ᠂ ᠤᠰᠤ ᠳᠠᠮᠵᠢᠭᠤᠯᠬᠤ ᠭᠤᠣᠯ ᠱᠤᠭᠤᠮ ᠤᠨ ᠢᠨᠵᠧᠨᠧᠷᠢᠩ ᠤᠨ ᠪᠥᠬᠦ ᠣᠷᠳᠣ ᠨᠢ 391.036 ᠺᠢᠯᠣᠮᠧᠲᠷ ᠪᠣᠯᠣᠨ᠎ᠠ︔ 9 ᠰᠠᠯᠪᠤᠷᠢ ᠱᠤᠭᠤᠮ ᠤᠨ ᠢᠨᠵᠧᠨᠧᠷᠢᠩ ᠤᠨ ᠪᠥᠬᠦ ᠣᠷᠳᠣ ᠨᠢ 395.265 ᠺᠢᠯᠣᠮᠧᠲᠷ ᠪᠠᠶᠢᠵᠤ᠂ ᠲᠣᠰ ᠲᠣᠰ ᠬᠢᠩᠭᠠᠨ ᠠᠶᠢᠮᠠᠭ᠂ ᠲᠦᠩᠯᠢᠶᠣᠣ ᠬᠤᠲᠠ ᠬᠤᠶᠠᠷ ᠭᠠᠵᠠᠷ ᠤᠨ 8 ᠬᠤᠰᠢᠭᠤ ᠰᠢᠶᠠᠨ ᠬᠤᠲᠠ ᠲᠣᠭᠤᠷᠢᠭ᠂ ᠠᠵᠤ ᠦᠢᠯᠡᠳᠪᠦᠷᠢ ᠶᠢᠨ 10 ᠬᠦᠷᠢᠶᠡᠯᠡᠩ ᠲᠣᠭᠤᠷᠢᠭ ᠢ ᠬᠤᠯᠪᠣᠪᠠ᠃ ᠢᠨᠵᠧᠨᠧᠷᠢᠩ ᠤᠨ ᠣᠯᠠᠨ ᠵᠢᠯ ᠳᠤ ᠤᠰᠤ ᠬᠠᠩᠭᠠᠬᠤ ᠳᠤᠮᠳᠠᠴᠢ ᠬᠡᠮᠵᠢᠶ᠎ᠡ ᠨᠢ 4.36 ᠳ᠋ᠦᠩᠰᠢᠭᠤᠷ ᠺᠦᠪ ᠮᠧᠲᠷ ᠲᠤ ᠬᠦᠷᠴᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃