ᠵᠤᠬᠢᠶᠠᠭᠴᠢ:
ᠴᠠᠭ:2025-07-01
ᠥᠵᠡᠭᠰᠡᠨ : ℃
ᠢᠷᠡᠯᠲᠡ:
9 ᠴᠠᠭ ᠠᠴᠠ ᠡᠬᠢᠯᠡᠵᠦ ᠡᠷᠡᠮᠡᠯᠵᠡᠯ ᠲᠠᠭᠯᠠᠨ᠎ᠠ︕
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ 2025 6 29 ᠤ ᠡᠳᠦᠷ ᠰᠦᠯᠵᠢᠶᠡᠨ ᠳᠡᠭᠡᠷ᠎ᠡ ᠵᠢᠩᠬᠢᠨᠢ ᠠᠩᠭᠢ ᠶᠢᠨ ᠤᠷᠢᠳᠴᠢᠯᠠᠭᠰᠠᠨ ᠪᠦᠯᠦᠭ︵A ᠬᠡᠰᠡᠭ᠂ B ᠬᠡᠰᠡᠭ᠂ C ᠬᠡᠰᠡᠭ ᠪᠠᠭᠲᠠᠨ᠎ᠠ︶᠂ ᠵᠢᠩᠬᠢᠨᠢ ᠠᠩᠭᠢ ᠶᠢᠨ ᠪᠦᠯᠦᠭ ᠵᠢᠴᠢ ᠡᠩ ᠤᠨ ᠲᠥᠷᠥᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠤᠷᠢᠳᠴᠢᠯᠠᠭᠰᠠᠨ ᠪᠦᠯᠦᠭ ᠤᠨ ᠡᠷᠡᠮᠡᠯᠵᠡᠯ ᠲᠠᠭᠯᠠᠬᠤ ᠬᠤᠯᠪᠣᠭᠳᠠᠯ ᠪᠦᠬᠦᠢ ᠵᠦᠢᠯᠡᠰ ᠤᠨ ᠠᠯᠪᠠᠨ ᠵᠠᠷ ᠢ ᠨᠡᠶᠢᠲᠡᠯᠡᠪᠡ᠃ ᠨᠡᠶᠢᠲᠡᠯᠡᠭᠰᠡᠨ ᠵᠠᠷ ᠢ ᠦᠨᠳᠦᠰᠦᠯᠡᠪᠡᠯ 6 ᠳ᠋ᠤᠭᠠᠷ ᠰᠠᠷ᠎ᠠ ᠶᠢᠨ 30 ᠤ ᠡᠳᠦᠷ ᠤᠨ 9 ᠴᠠᠭ ᠠᠴᠠ ᠡᠬᠢᠯᠡᠨ ᠡᠷᠡᠮᠡᠯᠵᠡᠯ ᠲᠠᠭᠯᠠᠨ᠎ᠠ᠃ ᠲᠠᠭᠯᠠᠬᠤ ᠴᠠᠭ ᠨᠢ ᠡᠳᠦᠷ ᠪᠦᠷᠢ ᠶᠢᠨ 9 ᠴᠠᠭ ︱ 22 ᠴᠠᠭ ᠪᠣᠯᠣᠨ᠎ᠠ᠃ 7 ᠳ᠋ᠤᠭᠠᠷ ᠰᠠᠷ᠎ᠠ ᠶᠢᠨ 4 ᠤ ᠡᠳᠦᠷ ᠤᠨ 17᠄ 00 ᠴᠠᠭ ᠲᠤ ᠡᠷᠡᠮᠡᠯᠵᠡᠯ ᠲᠠᠭᠯᠠᠵᠤ ᠳᠠᠭᠤᠰᠤᠨ᠎ᠠ᠃