ᠵᠤᠬᠢᠶᠠᠭᠴᠢ:
ᠴᠠᠭ:2025-08-08
ᠥᠵᠡᠭᠰᠡᠨ : ℃
ᠢᠷᠡᠯᠲᠡ:
ᠰᠢ ᠵᠢᠨ ᠫᠢᠩ ︽ᠠᠷᠪᠠᠨ ᠲᠠᠪᠤᠳᠤᠭᠠᠷ ᠲᠠᠪᠤᠨ ᠵᠢᠯ︾ ᠦᠨ ᠲᠥᠯᠦᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠠᠵᠢᠯ ᠳᠠᠬᠢ ᠰᠦᠯᠵᠢᠶᠡᠨ ᠦ ᠢᠷᠭᠡᠳ ᠦᠨ ᠰᠠᠨᠠᠯ ᠰᠠᠨᠠᠭᠤᠯᠭ᠎ᠠ ᠶ᠋ᠢ ᠰᠤᠳᠤᠯᠤᠨ ᠰᠢᠩᠭᠡᠭᠡᠬᠦ ᠲᠤᠬᠠᠢ ᠴᠢᠬᠤᠯᠠ ᠵᠢᠭᠠᠪᠤᠷᠢ ᠭᠠᠷᠭᠠᠪᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠲᠡᠷᠢᠭᠦᠯᠡᠭᠴᠢ ᠰᠢ ᠵᠢᠨ ᠫᠢᠩ ᠣᠷᠴᠢᠮᠬᠠᠨ《ᠠᠷᠪᠠᠨ ᠲᠠᠪᠤᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠠᠵᠢᠯ ᠳᠠᠬᠢ ᠰᠦᠯᠵᠢᠶᠡᠨ ᠦ ᠢᠷᠭᠡᠳ ᠦᠨ ᠰᠠᠨᠠᠯ ᠰᠠᠨᠠᠭᠤᠯᠭ᠎ᠠ ᠶ᠋ᠢ ᠰᠤᠳᠤᠯᠤᠨ ᠰᠢᠩᠭᠡᠭᠡᠬᠦ ᠲᠤᠬᠠᠢ ᠴᠢᠬᠤᠯᠠ ᠵᠢᠭᠠᠪᠤᠷᠢ ᠭᠠᠷᠭᠠᠵᠤ ᠴᠢᠬᠤᠯᠠᠴᠢᠯᠠᠬᠤ ᠳᠤ ᠪᠠᠨ᠂ 《ᠠᠷᠪᠠᠨ ᠲᠠᠪᠤᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠠᠵᠢᠯ ᠳᠤ ᠰᠦᠯᠵᠢᠶ᠎ᠡ ᠪᠡᠷ ᠰᠠᠨᠠᠯ ᠬᠤᠷᠢᠶᠠᠬᠤ ᠠᠵᠢᠯᠯᠠᠭ᠎ᠠ ᠳᠤ ᠣᠷᠣᠯᠴᠠᠭᠰᠠᠨ ᠬᠥᠮᠥᠨ ᠨᠢ ᠣᠯᠠᠨ᠂ ᠬᠠᠮᠤᠷᠤᠭᠰᠠᠨ ᠬᠡᠪᠴᠢᠶ᠎ᠡ ᠨᠢ ᠥᠷᠭᠡᠨ ᠪᠠᠶᠢᠵᠤ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠤᠨ ᠨᠢᠭᠡ ᠤᠳᠠᠭᠠᠨ ᠤ ᠠᠮᠢᠳᠤᠯᠢᠭ ᠦᠢᠯᠡᠳᠦᠯᠭᠡ ᠪᠣᠯᠣᠨ᠎ᠠ᠃ ᠥᠷᠭᠡᠨ ᠤᠯᠠᠨ ᠠᠷᠠᠳ ᠲᠦᠮᠡᠨ ᠢᠳᠡᠪᠬᠢᠲᠡᠢ ᠪᠡᠷ ᠰᠠᠨᠠᠯ ᠳᠡᠪᠰᠢᠭᠦᠯᠦᠨ᠂ ᠮᠠᠰᠢ ᠤᠯᠠᠨ ᠦᠨ᠎ᠡ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠪᠠ᠃ ᠡᠳᠡᠭᠡᠷ ᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠢᠨ ᠬᠢᠨᠠᠮᠠᠭᠠᠢ ᠰᠤᠳᠤᠯᠵᠤ ᠰᠢᠩᠭᠡᠭᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠠᠷᠠᠳ ᠲᠦᠮᠡᠨ ᠢᠶᠡᠷ ᠭᠣᠣᠯ ᠪᠣᠯᠭᠠᠬᠤ ᠶ᠋ᠢ ᠢᠮᠠᠭᠲᠠ ᠪᠠᠷᠢᠮᠲᠠᠯᠠᠵᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠤᠬᠠᠭᠠᠨ ᠢ ᠬᠤᠷᠠᠮᠳᠤᠭᠤᠯᠬᠤ ᠶ᠋ᠢ ᠥᠷᠭᠡᠨ ᠭᠦᠨᠵᠡᠭᠡᠢ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶ᠋ᠢ ᠠᠬᠢᠭᠤᠯᠬᠤ ᠬᠦᠴᠦᠷᠬᠡᠭ ᠶᠡᠬᠡ ᠨᠡᠶᠢᠯᠡᠯ ᠬᠦᠴᠦᠨ ᠢ ᠨᠢᠭᠲᠠᠷᠠᠭᠤᠯᠵᠤ᠂ ᠠᠷᠠᠳ ᠲᠦᠮᠡᠨ ᠦ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ ᠭᠡᠵᠡᠢ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠶᠢᠳᠪᠦᠷᠢᠲᠦ ᠪᠣᠳᠣᠯᠭ᠎ᠠ ᠲᠣᠭᠲᠠᠭᠠᠬᠤ ᠶ᠋ᠢ ᠪᠠᠷᠢᠮᠲᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠶᠢᠳᠠᠪᠤᠷᠢᠵᠢᠭᠤᠯᠬᠤ ᠶ᠋ᠢᠨ ᠲᠥᠯᠥᠭᠡ᠂ ᠡᠨᠡ ᠵᠢᠯ ᠦᠨ 5 ᠳ᠋ᠤᠭᠠᠷ ᠰᠠᠷ᠎ᠠ ᠶ᠋ᠢᠨ 20 ᠡᠳᠦᠷ ᠡᠴᠡ 6 ᠳ᠋ᠤᠭᠠᠷ ᠰᠠᠷ᠎ᠠ ᠶ᠋ᠢᠨ 20 ᠤ ᠡᠳᠦᠷ ᠪᠣᠯᠲᠠᠯ᠎ᠠ᠂ 《ᠠᠷᠪᠠᠨ ᠲᠠᠪᠤᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠠᠵᠢᠯ ᠳᠤ ᠰᠦᠯᠵᠢᠶ᠎ᠡ ᠪᠡᠷ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠵᠦ᠂ ᠠᠷᠠᠳ ᠤᠨ ᠡᠳᠦᠷ ᠦᠨ ᠰᠣᠨᠢᠨ᠂ ᠰᠢᠨᠬᠤᠸᠠ ᠬᠣᠷᠢᠶ᠎ᠠ᠂ ᠲᠥᠪ ᠦᠨ ᠷᠠᠳᠢᠣ᠋ ᠲ᠋ᠧᠯᠸᠢᠰ ᠦᠨ ᠶᠡᠷᠦᠩᠬᠡᠢ ᠬᠣᠷᠢᠶ᠎ᠠ ᠶ᠋ᠢᠨ ᠬᠠᠷᠢᠶ᠎ᠠ ᠠᠯᠪᠠᠨ ᠰᠦᠯᠵᠢᠶ᠎ᠡ᠂ ᠰᠣᠨᠢᠨ ᠮᠡᠳᠡᠭᠡᠨ ᠦ ᠬᠡᠷᠡᠭᠯᠡᠭᠴᠢᠳ ᠦᠨ ᠦᠵᠦᠭᠦᠷ ᠵᠢᠴᠢ 《ᠰᠤᠷᠤᠯᠴᠠᠯᠭ᠎ᠠ ᠶ᠋ᠢᠨ ᠬᠦᠴᠦᠷᠬᠡᠭ ᠤᠯᠤᠰ》 ᠲᠠᠪᠴᠠᠩ ᠳᠤ ᠲᠤᠰᠬᠠᠢ ᠪᠤᠯᠤᠩ ᠲᠣᠰ ᠲᠣᠰ ᠭᠠᠷᠭᠠᠵᠤ᠂ ᠪᠦᠬᠦ ᠨᠡᠶᠢᠭᠡᠮ ᠦᠨ ᠰᠠᠨᠠᠯ ᠰᠠᠨᠠᠭᠤᠯᠭ᠎ᠠ ᠶ᠋ᠢ ᠰᠣᠨᠣᠰᠪᠠ᠃ ᠲᠤᠰ ᠠᠵᠢᠯᠯᠠᠭ᠎ᠠ ᠳᠤ ᠰᠦᠯᠵᠢᠶᠡᠨ ᠢᠷᠭᠡᠳ ᠦᠨ ᠰᠠᠨᠠᠭᠤᠯᠭ᠎ᠠ ᠶ᠋ᠢ 311.3 ᠲᠦᠮᠡᠨ ᠵᠤᠷᠪᠤᠰ ᠬᠦᠯᠢᠶᠡᠨ ᠠᠪᠴᠤ᠂ 《ᠠᠷᠪᠠᠨ ᠲᠠᠪᠤᠳᠤᠭᠠᠷ ᠲᠠᠪᠤᠨ ᠵᠢᠯ》 ᠦᠨ ᠲᠥᠯᠦᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠳᠤ ᠠᠰᠢᠭᠲᠠᠢ ᠯᠠᠪᠯᠠᠯᠲᠠ ᠬᠠᠩᠭᠠᠭᠰᠠᠨ ᠪᠠᠶᠢᠨ᠎ᠠ᠃